ᠤᠷᠠᠳ ᠤᠨ ᠡᠮᠦᠨᠡᠲᠦ ᠬᠤᠰᠢᠭᠤ ᠠᠵᠢᠯ ᠤᠨ ᠪᠠᠶᠢᠷᠢᠨ ᠳᠤ ᠭᠠᠷᠬᠤ ᠠᠴᠠ ᠡᠮᠦᠨᠡᠬᠢ ᠪᠣᠯᠪᠠᠰᠤᠷᠠᠯ ᠢ ᠰᠠᠶᠢᠲᠤᠷ ᠠᠳᠬᠤᠵᠤ ᠪᠣᠢ
ᠨᠡᠶᠢᠲᠡᠯᠡᠭᠰᠡᠨ ᠴᠠᠭ᠄
2020/8/4
    ᠮᠤᠨᠠ ᠠᠭᠤᠯᠠ ᠶᠢᠨ ᠮᠡᠳᠡᠭᠡ  ᠣᠶᠢᠷ᠎ᠠ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠠᠵᠢᠯ ᠣᠯᠭᠤᠯᠲᠠ ᠶᠢᠨ ᠲᠣᠪᠴᠢᠶ᠎ᠠ ᠨᠢ 81 ᠨᠡᠷᠡᠰ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠳᠤ ᠠᠵᠢᠯ ᠤᠨ ᠪᠠᠶᠢᠷᠢᠨ ᠳᠤ ᠭᠠᠷᠬᠤ ᠠᠴᠠ ᠡᠮᠦᠨᠡᠬᠢ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ ᠠᠵᠢᠯᠯᠠᠬᠤ ᠴᠢᠳᠠᠪᠤᠷᠢ ᠲᠠᠢ ᠪᠠ ᠠᠵᠢᠯ ᠣᠯᠬᠤ ᠪᠣᠳᠤᠯ ᠲᠠᠢ ᠶᠡᠭᠡ ᠳᠡᠭᠡᠳᠦ ᠰᠤᠷᠭᠠᠭᠤᠯᠢ ᠠᠴᠠ  ᠲᠡᠭᠦᠰᠦᠭᠰᠡᠳ ᠤᠨ ᠳᠠᠬᠢᠨ ᠠᠵᠢᠯ ᠣᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃     ᠪᠣᠯᠪᠠᠰᠤᠷᠠᠯ ᠳᠤ᠂ ᠸᠠᠩ ᠷᠤ᠋ ᠶᠠᠭ ᠺᠤᠮᠫᠢᠦᠲ᠋ᠧᠷ ᠤᠨ ᠡᠮᠦᠨ᠎ᠡ ᠬᠦᠰᠦᠨᠦᠭ ᠵᠣᠬᠢᠶᠠᠵᠤ ᠪᠠᠶᠢᠬᠤ ᠶᠢ ᠰᠤᠷᠪᠤᠯᠵᠢᠯᠠᠭᠴᠢ ᠣᠯᠵᠤ ᠬᠠᠷᠠᠯ᠎ᠠ᠃ ᠪᠠᠭᠰᠢ ᠠᠴᠠ ᠬᠦᠰᠦᠨᠦᠭ ᠵᠣᠭᠢᠶᠠᠬᠤ ᠦᠶ᠎ᠡ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠶᠠᠷᠢᠬᠤ  ᠳᠤ ᠲᠡᠷᠡ ᠨᠠᠷᠢᠨ ᠬᠢᠨᠠᠮᠠᠭᠠᠢ ᠪᠠᠷ ᠲᠡᠮᠳᠡᠭᠯᠡᠯ ᠬᠢᠵᠤ᠂ ᠣᠶᠢᠯᠭᠠᠵᠤ ᠮᠡᠳᠡᠬᠦ ᠦᠭᠡᠢ ᠪᠠᠨ ᠭᠠᠷ ᠡᠷᠭᠦᠨ ᠪᠠᠭᠰᠢ ᠠᠴᠠ ᠪᠠᠨ ᠠᠰᠠᠭᠤᠵᠤ ᠪᠠᠶᠢᠪᠠ᠃     ᠣᠶᠢᠯᠭᠠᠭᠰᠠᠨ ᠢᠶᠠᠷ᠂ ᠲᠤᠰ ᠤᠳᠠᠭᠠᠨ ᠤ ᠪᠣᠯᠪᠠᠰᠤᠷᠠᠯ ᠨᠢ 7 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 81 ᠨᠡᠷᠡᠰ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ᠂ ᠳᠡᠭᠡᠳᠦ ᠰᠤᠷᠭᠠᠭᠤᠯᠢ ᠲᠡᠭᠦᠰᠦᠭᠡᠳ ᠬᠤᠶᠠᠷ ᠵᠢᠯ ᠪᠤᠶᠤ ᠬᠤᠶᠠᠷ ᠵᠢᠯ ᠠᠴᠠ ᠳᠡᠭᠡᠭᠰᠢ ᠠᠵᠢᠯ ᠣᠯᠤᠭᠠᠳᠤᠢ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠰᠤᠷᠤᠭᠴᠢᠳ ᠲᠤ ᠪᠤᠯᠪᠠᠰᠤᠷᠠᠯ ᠬᠠᠩᠭᠠᠭᠰᠠᠨ ᠪᠠᠶᠢᠨ᠎ᠠ᠃ ᠪᠤᠯᠪᠠᠰᠤᠷᠠᠯ ᠨᠢ ᠭᠤᠣᠯᠳᠠᠭᠤ ᠲᠤᠰᠬᠠᠢ ᠰᠡᠳᠦᠪ ᠤᠨ ᠲᠠᠶᠢᠯᠤᠮᠵᠢ᠂ ᠠᠵᠢᠯᠯᠠᠭᠠᠨ ᠤ ᠪᠣᠯᠪᠠᠰᠤᠷᠠᠯ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠵᠠᠢ᠃ ᠪᠣᠯᠪᠠᠰᠤᠷᠠᠯ ᠢᠶᠠᠷ ᠳᠠᠮᠵᠢᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠠᠵᠢᠯᠲᠠᠨ ᠤ ᠠᠵᠢᠯ ᠤᠨ ᠬᠠᠷᠢᠭᠤᠴᠠᠯᠭᠠᠲᠤ ᠰᠡᠳᠭᠢᠯᠭᠡ ᠶᠢ ᠴᠢᠩᠭᠠᠷᠠᠭᠤᠯᠵᠤ᠂ ᠠᠵᠢᠯ ᠤᠨ ᠪᠠᠶᠢᠷᠢ ᠲᠤᠰᠢᠶᠠᠯ᠂ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠭᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠢᠳᠡᠪᠬᠢᠲᠡᠢ ᠴᠢᠷᠮᠠᠶᠢᠨ ᠪᠡᠶᠡᠯᠡᠭᠦᠯᠬᠦ ᠲᠠᠯ᠎ᠠ ᠪᠠᠷ ᠬᠠᠩᠭᠠᠮᠵᠢᠲᠠᠢ ᠪᠣᠯᠪᠠᠰᠤᠷᠠᠯ ᠬᠦᠷᠲᠡᠭᠡᠭᠰᠡᠨ ᠪᠠᠶᠢᠨ᠎ᠠ᠃     ᠬᠤᠰᠢᠭᠤᠨ ᠤ ᠠᠵᠢᠯ ᠤᠯᠭᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠤ ᠲᠠᠨᠢᠯᠴᠠᠭᠤᠯᠬᠤ ᠪᠠᠷ᠂ ᠡᠳᠡᠭᠡᠷ ᠪᠣᠯᠪᠠᠰᠤᠷᠠᠯ  ᠬᠦᠷᠲᠡᠭᠰᠡᠳ ᠤᠨ ᠬᠢᠷᠢ ᠲᠡᠩᠴᠡᠭᠰᠡᠳ ᠢ ᠶᠠᠳᠠᠭᠤ ᠶᠢ ᠳᠡᠳᠭᠦᠬᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ᠂ ᠠᠵᠢᠯ ᠦᠢᠯᠡᠰ ᠤᠨ ᠪᠠᠶᠢᠭᠤᠯᠭ᠎ᠠ ᠨᠢᠭᠡᠴᠢ ᠶᠢᠨ ᠠᠷᠤ ᠲᠠᠯ᠎ᠠ ᠶᠢᠨ ᠠᠵᠢᠯ ᠪᠠ ᠣᠯᠠᠨ ᠨᠡᠶᠢᠲᠡ ᠵᠢᠨ‌ᠦᠢᠯᠡᠴᠢᠯᠡᠭᠡᠨ ᠤ ᠲᠡᠪᠴᠡᠩ ᠳᠤ ᠠᠵᠢᠯᠯᠠᠭᠤᠯᠬᠤ ᠪᠣᠯᠤᠨ᠎ᠠ ᠭᠡᠪᠡ᠃
ᠢᠷᠡᠯᠲᠡ᠄ ᠪᠠᠶᠠᠨ ᠨᠠᠭᠤᠷ ᠤᠨ ᠰᠣᠨᠢᠨ