2020 ᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠲᠣᠬᠠᠢ ᠦᠨᠡᠯᠡᠨ ᠵᠢᠱᠢᠬᠦ ᠵᠢᠴᠢ 2017 ᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ  ᠢ ᠳᠠᠬᠢᠨ ᠪᠠᠶᠢᠴᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ
ᠨᠡᠶᠢᠲᠡᠯᠡᠭᠰᠡᠨ ᠴᠠᠭ᠄
2020/8/4
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾ ︵ᠥᠪᠥᠷ ᠮᠣᠩᠭᠤᠯ ᠤᠨ ᠰᠤᠷᠭᠠᠨ ᠬᠦᠮᠦᠵᠢᠯ ᠤᠨ ᠲᠣᠪᠴᠢᠶᠠᠨ ᠤ ᠠᠯᠪᠠᠨ ᠭᠡᠷ ᠲᠠᠷᠬᠠᠭᠠᠭᠰᠠᠨ ︹ 2019 ︺ 131  ᠳ᠋ᠦ᠋ᠭᠡᠷ ᠲᠣᠭᠠᠲᠤ︶ ᠪᠠ ︽ᠪᠠᠶᠠᠨᠨᠠᠭᠤᠷ ᠬᠤᠲᠠ ᠶᠢᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠮᠠᠭᠠᠳᠯᠠᠨ ᠲᠣᠭᠲᠠᠭᠠᠬᠤ ᠵᠢᠴᠢ ᠦᠨᠡᠯᠡᠨ ᠵᠢᠱᠢᠬᠦ ᠨᠠᠷᠢᠨ ᠲᠦᠷᠢᠮ︾ ︵ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠵᠠᠷᠯᠠᠯ ᠥᠰᠥᠭ ︹ 2019 ︺ 128 ᠳ᠋ᠤᠭᠠᠷ ᠲᠣᠭᠠᠲᠤ︶ ᠵᠢᠴᠢ ︽2020 ᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠦᠨᠡᠯᠡᠨ ᠵᠢᠱᠢᠬᠦ ᠵᠢᠴᠢ 2017 ᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠳᠠᠬᠢᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠲᠠᠷᠬᠠᠭᠠᠭᠰᠠᠨ ︹ 2020 ︺ 77 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ᠂ ᠬᠤᠰᠢᠭᠤ ᠬᠤᠶᠠᠷ ᠱᠠᠲᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠦᠨᠡᠯᠡᠨ ᠵᠢᠱᠢᠯᠲᠡ ᠪᠠᠷ ᠳᠡᠮᠵᠢᠨ᠂ ᠤᠷᠠᠳ ᠤᠨ ᠡᠮᠦᠨᠡᠲᠦ ᠬᠤᠰᠢᠭᠤᠨ ᠤ   ᠵᠣ᠋ ᠯᠢᠨ ᠾᠧᠩ ᠲᠠᠢ ᠬᠡᠤᠬᠡᠳ ᠤᠨ ᠴᠡᠴᠡᠷᠯᠢᠭ᠂ ᠤᠷᠠᠳ ᠤᠨ ᠡᠮᠦᠨᠡᠲᠦ ᠬᠤᠰᠢᠭᠤᠨ ᠤ ᠶᠢᠨ ᠭᠦᠸᠧ ᠭᠦᠸᠧ ᠬᠡᠤᠬᠡᠳ ᠤᠨ ᠴᠡᠴᠡᠷᠯᠢᠭ᠂ ᠤᠷᠠᠳ ᠤᠨ ᠡᠮᠦᠨᠡᠲᠦ ᠬᠤᠰᠢᠭᠤᠨ ᠤ ᠴᠠᠩ ᠱᠧᠩ ᠰᠢᠨ ᠱᠦᠸᠧ ᠬᠡᠤᠬᠡᠳ ᠤᠨ ᠴᠡᠴᠡᠷᠯᠢᠭ ᠢ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢᠶᠠᠷ ᠮᠠᠭᠠᠳᠯᠠᠨ ᠲᠣᠭᠲᠠᠭᠠᠪᠠ︔ ᠤᠷᠠᠳ ᠤᠨ ᠡᠮᠦᠨᠡᠲᠦ ᠬᠤᠰᠢᠭᠤᠨ ᠤ ᠨᠠᠬᠢᠶ᠎ᠠ ᠬᠡᠤᠬᠡᠳ ᠤᠨ ᠴᠡᠴᠡᠷᠯᠢᠭ ᠨᠢ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ  ᠤᠨ ᠳᠠᠬᠢᠨ  ᠪᠠᠶᠢᠴᠠᠭᠠᠯᠲᠠ ᠶᠢᠨ ᠬᠢᠷᠢ ᠲᠦᠪᠰᠢᠨ ᠳᠤ  ᠬᠦᠷᠴᠦ᠂ ᠬᠦᠴᠦᠨ ᠲᠠᠢ ᠬᠤᠭᠤᠴᠠᠭ᠎ᠠ ᠨᠢ 2020 ᠣᠨ ᠤ 7 ᠰᠠᠷ᠎ᠠ — 2023 ᠣᠨ ᠤ 7 ᠰᠠᠷ᠎ᠠ  ᠬᠦᠷᠦᠨ᠎ᠡ᠃      ᠡᠭᠦᠨ ᠤ ᠲᠤᠯᠠ ᠣᠨᠴᠠᠭᠠᠶᠢᠯᠠᠨ ᠵᠠᠷᠯᠠᠨ ᠨᠡᠶᠢᠲᠡᠯᠡᠪᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 10 ᠠᠵᠢᠯᠯᠠᠬᠤ ᠡᠳᠦᠷ ᠪᠣᠯᠤᠨ᠎ᠠ᠃                       ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ                                          2020 ᠣᠨ ᠤ 7 ᠰᠠᠷ᠎ᠠ ᠶᠢᠨ 23 ᠤ ᠡᠳᠦᠷ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ