ᠣᠷᠠᠳ ᠤᠨ ᠡᠮᠦᠨᠡᠳᠦ  ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠨᠢ ᠤᠯᠠᠨ ᠠᠷᠭ᠎ᠠ  ᠵᠠᠮ ᠢᠶᠠᠷ ᠦᠨᠳᠦᠰᠦᠨ ᠱᠠᠳᠣᠨ ᠤ ᠢᠯᠡ ᠵᠠᠰᠠᠭ ᠢ ᠪᠠᠷᠢᠮᠵᠢᠶᠠᠵᠢᠭᠤᠯᠬᠤ ᠲᠦᠷᠢᠮᠵᠢᠬᠦᠯᠬᠦ ᠪᠦᠳᠦᠭᠡᠨ ᠪᠠᠶᠢᠭᠤᠯᠤᠯᠳᠠ ᠶᠢ ᠭᠦᠨᠵᠡᠬᠡᠢ ᠠᠬᠢᠭᠤᠯᠪᠠ
ᠨᠡᠶᠢᠲᠡᠯᠡᠭᠰᠡᠨ ᠴᠠᠭ᠄
2020/8/5
    ᠣᠷᠠᠳ ᠤᠨ  ᠡᠮᠦᠨᠡᠳᠦ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠨᠢ ︿︿ᠲᠦᠷᠦ ᠶᠢᠨ ᠶᠠᠪᠤᠳᠠᠯ ᠤᠨ  ᠬᠤᠷᠢᠶᠠᠨ ᠤ ᠠᠯᠪᠠᠨ ᠲᠢᠩᠭᠢᠮ ‍ᠤᠨ‌ᠦᠨᠳᠦᠰᠦᠨ ᠱᠠᠳᠣᠨ ᠤ ᠢᠯᠡ ᠵᠠᠰᠠᠭ ᠢ ᠪᠠᠷᠢᠮᠵᠢᠶᠠᠵᠢᠭᠤᠯᠬᠤ ᠲᠦᠷᠢᠮᠵᠢᠬᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ ﹀﹀ ︵ᠲᠦᠷᠦ ᠠᠯᠪᠠᠨ ᠲᠠᠷᠬᠠᠭᠠᠭᠰᠠᠨ[2019]54 ᠳ᠋ᠤᠬᠡᠷ ᠲᠤᠭᠠᠳᠤ︶ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠭᠡᠳᠦ ᠱᠠᠳᠣᠨ ᠤ ᠢᠯᠡ ᠵᠠᠰᠠᠭ ᠤᠨ ᠶᠠᠪᠤᠳᠠᠯ ᠢ ᠪᠠᠷᠢᠮᠵᠢᠶᠠᠵᠢᠭᠤᠯᠬᠤ ᠲᠦᠷᠢᠮᠵᠢᠬᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠢᠬᠡᠳᠦᠯᠳᠡᠢ ᠲᠦᠯᠦᠪᠵᠢᠭᠦᠯᠦᠨ ᠲᠤᠬᠢᠷᠠᠭᠤᠯᠵᠤ᠂ ᠬᠠᠷᠢᠭᠤᠴᠠᠯᠭ᠎ᠠ ᠪᠠᠨ ᠲᠤᠳᠤᠷᠬᠠᠶᠢᠯᠠᠵᠤ᠂ ᠵᠤᠬᠢᠴᠠᠮᠵᠢ ᠪᠠᠨ ᠲᠠᠭᠦᠯᠳᠡᠷᠵᠢᠭᠦᠯᠵᠦ᠂ ᠬᠢᠨᠠᠨ ᠰᠢᠯᠭᠠᠬᠤ ᠠᠵᠢᠯ ᠤᠨ ᠬᠦᠴᠦᠯᠢᠭ ᠢ ᠴᠢᠩᠭᠠᠷᠠᠭᠤᠯᠵᠤ᠂ ᠪᠦᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠢᠯᠡ ᠵᠠᠰᠠᠭ ᠢ ᠪᠠᠷᠢᠮᠵᠢᠶᠠᠵᠢᠭᠤᠯᠬᠤ ᠲᠦᠷᠢᠮᠵᠢᠬᠦᠯᠬᠦ ᠬᠢᠷᠢ ᠲᠦᠪᠰᠢᠨ ᠢ ᠲᠠᠰᠤᠷᠠᠯᠳᠠ ᠦᠬᠡᠢ ᠲᠠᠭᠡᠭᠰᠢᠯᠡᠭᠦᠯᠪᠡ᠃     ᠨᠢᠬᠡ ᠳᠤ᠂ ᠣᠯᠣᠰ ᠲᠦᠷᠦ ᠶᠢᠨ ᠵᠤᠭᠰᠤᠯᠳᠠ ᠪᠠᠨ ᠲᠡᠭᠡᠭᠰᠢᠯᠡᠭᠦᠯᠵᠦ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠣᠷᠠᠳ  ᠤᠨ ᠡᠮᠦᠨᠡᠳᠦ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠨᠢ ︿︿ᠬᠠᠤᠯᠢ ᠴᠠᠭᠠᠵᠠ ᠶᠢᠨ ᠶᠠᠮᠤᠨ ᠤ ᠠᠯᠪᠠᠨ ᠲᠢᠩᠭᠢᠮ ᠤᠨ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ  ᠬᠦᠷᠢᠶ᠎ᠡ ᠴᠠᠷᠠᠭᠠᠨ ᠤ ᠦᠨᠳᠦᠰᠦᠨ ᠱᠠᠳᠣᠨ ᠤ ᠢᠯᠡ ᠵᠠᠰᠠᠭ ᠢ ᠪᠠᠷᠢᠮᠵᠢᠶᠠᠵᠢᠭᠤᠯᠬᠤ ᠲᠦᠷᠢᠮᠵᠢᠬᠦᠯᠬᠦ ᠠᠵᠢᠯ ᠢ ᠬᠦᠳᠦᠯᠦᠨ ᠵᠢᠯᠤᠭᠤᠳᠬᠤ ᠲᠤᠬᠠᠢ ᠮᠡᠳᠡᠭᠳᠡᠯ﹀﹀ ᠢ ᠵᠤᠬᠢᠶᠠᠨ ᠪᠠᠶᠢᠭᠤᠯᠤᠨ ᠰᠣᠷᠣᠯᠴᠠᠭᠤᠯᠵᠤ᠂ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠦᠷᠢᠮᠵᠢᠭᠰᠡᠨ ᠪᠦᠳᠦᠬᠡᠨ ᠪᠠᠶᠢᠭᠤᠯᠤᠯᠳᠠ ᠶᠢᠨ ᠲᠤᠬᠠᠢ ᠤᠯᠠᠨ ᠲᠦᠮᠡᠨ ᠳᠤ ᠮᠠᠳᠡᠷᠠᠬᠦ ᠡᠷᠭᠡ᠂ ᠤᠷᠤᠯᠴᠠᠬᠤ ᠡᠷᠭᠡ᠂ ᠢᠯᠡᠳᠭᠡᠬᠦ ᠡᠷᠭᠡ᠂ ᠬᠢᠨᠠᠯᠳᠠ ᠲᠠᠯᠪᠢᠬᠤ ᠡᠷᠭᠡ ᠶᠢᠨ ᠴᠢᠬᠤᠯᠠ ᠴᠢᠨᠠᠷ ᠢ ᠬᠦᠨᠵᠡᠬᠡᠢ ᠲᠠᠨᠢᠭᠤᠯᠵᠤ᠂ ᠭᠤᠤᠯ ᠬᠠᠷᠢᠭᠤᠴᠠᠯᠭᠠᠳᠠᠨ ᠠᠴᠠ ᠢᠯᠡ ᠵᠠᠰᠠᠭ ᠢ ᠪᠠᠷᠢᠮᠵᠢᠶᠠᠵᠢᠭᠤᠯᠬᠤ ᠲᠦᠷᠢᠮᠵᠢᠬᠦᠯᠬᠦ ᠠᠵᠢᠯ ᠢ ᠲᠡᠭᠡᠳᠦ ᠬᠡᠮᠵᠢᠶ᠎ᠡ  ᠪᠠᠷ ᠴᠢᠬᠤᠯᠠᠴᠢᠯᠠᠵᠤ᠂ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠦᠪᠡᠷ ᠤᠨ ᠪᠡᠶ᠎ᠡ ᠪᠠᠷ ᠢᠶᠠᠨ ᠪᠠᠶᠢᠷᠢᠯᠠᠭᠤᠯᠤᠯᠳᠠ ᠬᠢᠵᠦ᠂ ᠦᠪᠡᠷ ᠤᠨ  ᠪᠠᠶ᠎ᠠ ᠪᠠᠷ ᠢᠶᠠᠨ ᠪᠠᠶᠢᠴᠠᠭᠠᠯᠳᠠ ᠬᠢᠵᠦ᠂ ᠦᠪᠡᠷ ᠤᠨ ᠪᠠᠶ᠎ᠠ ᠪᠠᠷ ᠢᠶᠠᠨ ᠴᠢᠩᠭ᠎ᠠ ᠱᠠᠭᠠᠷᠳᠠᠨ ᠬᠦᠢᠴᠡᠳᠭᠡᠪᠡ᠃ ᠨᠢᠬᠡ ᠨᠡᠷᠡᠰ ᠬᠤᠪᠢᠶᠠᠨ ᠬᠠᠷᠢᠭᠤᠴᠠᠬᠤ ᠤᠳᠤᠷᠢᠳᠤᠯᠭ᠎ᠠ ᠲᠤᠰ ᠨᠢᠬᠡᠴᠡ ᠶᠢᠨ ᠠᠵᠢᠯ ᠢ ᠬᠠᠷᠢᠭᠤᠴᠠᠨ ᠠᠳᠬᠤᠵᠤ᠂ ᠲᠤᠰᠬᠠᠢ ᠬᠦᠮᠦᠨ ᠲᠤᠬᠢᠷᠠᠭᠤᠯᠵᠤ᠂ ᠣᠯᠣᠰ ᠲᠦᠷᠦ ᠶᠢᠨ ᠤᠬᠠᠭᠤᠯᠤᠯ᠂ ᠠᠷᠠᠳ ᠤᠨ ᠡᠶᠡᠳᠡᠭᠦᠯᠬᠡ᠂ ᠬᠠᠤᠯᠢ ᠴᠠᠭᠠᠵᠠ ᠶᠢᠨ ᠲᠡᠳᠭᠦᠮᠵᠢ᠂ ᠨᠡᠶᠢᠬᠡᠮ ᠲᠤᠭᠤᠷᠢᠭ ᠤᠨ ᠵᠠᠯᠠᠷᠠᠭᠤᠯᠤᠯᠳᠠ ᠶᠢᠨ ᠠᠵᠢᠯ ᠳᠤ ᠬᠤᠯᠪᠤᠭᠳᠠᠭᠰᠠᠨ ᠬᠠᠮᠢᠶ᠎ᠠ ᠪᠦᠬᠦᠢ ᠠᠭᠤᠯᠭ᠎ᠠ ᠶᠢᠨ ᠰᠣᠷᠠᠭ ᠵᠠᠩᠭᠢ ᠵᠢᠴᠢ ᠬᠤᠰᠢᠭᠤᠨ ᠤ ᠵᠠᠰᠠᠭ ᠤᠨ ᠤᠷᠳᠤᠨ ᠤ ᠨᠧᠲ ᠰᠦᠯᠵᠢᠶ᠎ᠡ᠂ ᠸᠢᠴᠠᠲ ᠵᠡᠷᠭᠡ ᠢᠯᠡ ᠲᠠᠪᠴᠠᠩ ᠢᠶᠠᠷ ᠢᠯᠡ ᠵᠠᠰᠠᠭ ᠢ ᠪᠠᠷᠢᠮᠵᠢᠶᠠᠵᠢᠭᠤᠯᠬᠤ ᠲᠦᠷᠢᠮᠵᠢᠬᠦᠯᠬᠦ ᠠᠵᠢᠯ ᠤᠨ ᠤᠳᠤᠷᠢᠳᠬᠤ ᠲᠤᠭᠤᠶᠢᠯᠠᠩ ᠢ ᠪᠠᠶᠢᠭᠤᠯᠵᠤ᠂ ︿︿ᠣᠷᠠᠳ ᠤᠨ ᠡᠮᠦᠨᠡᠳᠦ ᠬᠤᠰᠢᠭᠤᠨ ᠤ ᠤᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠠᠵᠢᠯ ᠤᠨ ᠦᠨᠳᠦᠰᠦᠨ ᠱᠠᠳᠣᠨ ᠤ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠪᠠᠷᠢᠮᠵᠢᠶᠠᠵᠢᠭᠤᠯᠬᠤ ᠲᠦᠷᠢᠮᠵᠢᠬᠦᠯᠬᠦ ᠠᠵᠢᠯ ᠢ ᠪᠤᠳᠠᠳᠠᠢ ᠬᠡᠷᠡᠭᠵᠢᠬᠦᠯᠬᠦ ᠲᠦᠰᠦᠯ﹀﹀ ᠢ ᠰᠣᠳᠣᠯᠣᠨ ᠲᠤᠭᠳᠠᠭᠠᠵᠤ᠂ ᠦᠨᠳᠦᠰᠦᠨ ᠱᠠᠳᠣᠨ ᠤ ᠵᠠᠰᠠᠭ ᠤᠨ ᠶᠠᠪᠤᠳᠠᠯ ᠢ ᠪᠠᠷᠢᠮᠵᠢᠶᠠᠵᠢᠭᠤᠯᠬᠤ ᠲᠦᠷᠢᠮᠵᠢᠬᠦᠯᠬᠦ ᠠᠵᠢᠯ ᠢ ᠠᠬᠢᠭᠤᠯᠬᠤ ᠬᠠᠮ ᠬᠦᠴᠦᠨ ᠪᠤᠯᠭᠠᠪᠠ᠃     ᠬᠤᠶᠠᠷ ᠲᠤ᠂ ᠬᠠᠷᠢᠭᠤᠴᠠᠯᠭ᠎ᠠ ᠶᠢᠨ ᠦᠵᠡᠯᠳᠡ ᠪᠠ ᠡᠩᠨᠡᠭᠡ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠪᠠ᠃ ᠦᠨᠳᠦᠰᠦᠨ ᠱᠠᠳᠣᠨ ᠤ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠴᠢᠩᠭᠠᠳᠬᠠᠵᠤ᠂ ᠬᠠᠷᠢᠭᠤᠴᠠᠯᠭᠠᠳᠣ ᠲᠠᠰᠤᠭ ᠪᠠ ᠲᠤᠰᠬᠠᠢ ᠬᠦᠮᠦᠨ ᠠᠴᠠ ᠬᠠᠷᠢᠭᠤᠴᠠᠬᠤ  ᠶᠢ ᠲᠤᠳᠤᠷᠬᠠᠶᠢᠯᠠᠵᠤ᠂ ᠦᠨᠳᠦᠰᠦᠨ ᠱᠠᠳᠣᠨ ᠤ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯ ᠢ ᠡᠭᠦᠷᠬᠡᠯᠡᠬᠦ ᠠᠴᠠ ᠵᠤᠬᠢᠴᠠᠮᠵᠢ ᠲᠠᠢ᠂ ᠬᠠᠷᠢᠭᠤᠴᠠᠬᠤ ᠠᠴᠠ ᠲᠤᠰᠬᠠᠢ ᠬᠦᠮᠦᠨ ᠲᠠᠢ ᠪᠠᠶᠢᠬᠤ ᠶᠢ ᠦᠨᠡᠨᠬᠦ ᠪᠠᠳᠤᠯᠠᠪᠠ᠃  ᠬᠦᠮᠦᠵᠢᠯ ᠪᠤᠯᠪᠠᠰᠤᠷᠠᠭᠤᠯᠤᠯᠳᠠ ᠶᠢᠨ ᠬᠦᠴᠦᠯᠢᠭ ᠢ ᠶᠡᠭᠡᠳᠭᠡᠵᠦ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠢᠯᠠᠩᠭᠤᠶ᠎ᠠ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠠᠶᠢᠯᠭᠠᠬᠤ ᠶᠢ ᠦᠨᠳᠤᠰᠤᠨ ᠱᠠᠳᠣᠨ ᠤ ᠣᠳᠣᠷᠢᠳᠬᠤ ᠺᠠᠳ᠋ᠷ ᠠᠯᠪᠠᠳᠠᠨ ᠤ ᠡᠳᠦᠷ ᠲᠤᠳᠤᠮ ᠤᠨ ᠬᠦᠮᠦᠵᠢᠯ ᠪᠤᠯᠪᠠᠰᠤᠷᠠᠭᠤᠯᠤᠯᠳᠠ ᠶᠢᠨ ᠠᠭᠤᠯᠭ᠎ᠠ ᠳᠤ ᠤᠷᠤᠭᠤᠯᠵᠤ᠂ ᠬᠠᠤᠯᠢ ᠲᠦᠷᠢᠮ ᠶᠤᠰᠤᠭᠠᠷ ᠢᠯᠡ ᠪᠠᠶᠢᠯᠭᠠᠬᠤ ᠤᠬᠠᠮᠰᠠᠷ ᠢ ᠨᠡᠮᠡᠭᠳᠡᠭᠦᠯᠪᠠ᠃ ᠲᠤᠬᠠᠶᠢᠯᠠᠭᠰᠠᠨ ᠠᠵᠢᠯ ᠤᠨ ᠪᠤᠯᠪᠠᠰᠣᠷᠠᠯ ᠬᠢᠬᠦ ᠲᠤᠷᠰᠢᠯᠭ᠎ᠠ ᠰᠤᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠵᠦ᠂ ᠦᠨᠳᠦᠰᠦᠨ ᠱᠠᠳᠣᠨ ᠤ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠠᠵᠢᠯᠳᠠᠨ ᠤ ᠴᠢᠳᠠᠪᠤᠷᠢ ᠬᠢᠷᠢ ᠬᠡᠮᠵᠢᠶ᠎ᠡ ᠶᠢ ᠲᠠᠰᠣᠷᠠᠯᠳᠠ ᠦᠬᠡᠢ ᠲᠠᠭᠡᠭᠰᠢᠯᠡᠭᠦᠯᠪᠡ᠃     ᠭᠤᠷᠪᠠ ᠳᠤ᠂ ᠢᠯᠡ ᠪᠠᠶᠢᠯᠭᠠᠬᠤ ᠤᠴᠢᠷ ᠶᠠᠪᠤᠳᠠᠯ ᠢ ᠰᠢᠯᠤᠭᠤᠳᠬᠠᠵᠤ᠂ ᠢᠯᠡ ᠪᠠᠶᠢᠯᠭᠠᠬᠤ ᠠᠭᠤᠯᠭ᠎ᠠ ᠶᠢ ᠨᠠᠷᠢᠯᠢᠭᠵᠢᠭᠤᠯᠪᠠ᠃ ᠣᠷᠠᠳ ᠤᠨ ᠡᠮᠦᠨᠡᠳᠦ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶ᠎ᠠ ᠠᠴᠠ ᠡᠭᠦᠷᠭᠡᠯᠡᠭᠰᠡᠨ ᠣᠯᠠᠨ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠢᠯᠡ ᠪᠠᠶᠢᠯᠭᠠᠬᠤ ᠡᠭᠦᠷᠭᠡ  ᠶᠢ ᠨᠠᠷᠢᠨ ᠬᠢᠨᠠᠮᠠᠭᠠᠢ ᠰᠢᠯᠤᠭᠤᠳᠬᠠᠵᠤ᠂ ᠰᠤᠷᠠᠭ ᠵᠠᠩᠭᠢ ᠶᠤᠰᠤᠭᠠᠷ ᠶᠠᠪᠤᠭᠳᠠᠭᠤᠯᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ