ᠵᠠᠩ ᠰᠢᠶᠤᠤ ᠳ᠋ᠦᠩ
ᠨᠡᠶᠢᠲᠡᠯᠡᠭᠰᠡᠨ ᠴᠠᠭ᠄
2020/9/13
 ᠲᠣᠪᠴᠢ ᠲᠠᠨᠢᠯᠴᠠᠭᠤᠯᠭ᠎ᠠ  ᠄     ᠵᠠᠩ ᠰᠢᠶᠤᠤ ᠳ᠋ᠦᠩ᠂ ᠡᠷᠡᠭᠲᠡᠶ᠂ ᠬᠢᠲᠠᠳ ᠦᠨᠳᠦᠰᠦᠲᠡᠨ᠂ 1978 ᠣᠨ ᠤ 7 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠣᠩᠨᠢᠭᠤᠳ ᠬᠤᠰᠢᠭᠤᠨ ᠳᠤ ᠨᠤᠲᠤᠭ ᠲᠠᠢ᠂  ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠃ 2003 ᠣᠨ ᠤ 10 ᠰᠠᠷ᠎ᠠ ᠳᠤ ᠠᠵᠢᠯ ᠳᠤ  ᠭᠠᠷᠴᠦ᠂ 2004 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠃ ᠣᠲᠣ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠢᠨ ᠲᠤᠰᠢᠶᠠᠯ  ᠢ ᠬᠠᠷᠢᠭᠤᠴᠠᠵᠤ ᠪᠠᠶᠢᠨ᠎ᠠ᠃ ᠠᠵᠢᠯ ᠤᠨ ᠬᠤᠪᠢᠶᠠᠷᠢᠯᠠᠯ᠄     ᠬᠤᠰᠢᠭᠤ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠮ ᠲᠡᠭᠡᠭᠡᠪᠦᠷᠢ ᠶᠢᠨ ᠲᠣᠪᠴᠢᠶ᠎ᠠ ᠶᠢ ᠬᠤᠪᠢᠶᠠᠨ ᠬᠠᠮᠢᠶᠠᠷᠤᠨ᠎ᠠ᠃ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠠᠢ ᠬᠠᠷᠢᠯᠴᠠᠨ᠎ᠠ᠃  ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ  ᠪᠡᠶᠡᠯᠡᠭᠦᠯᠦᠨ᠎ᠡ᠃       
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ