ᠵᠠᠩ ᠬᠠᠢ ᠴᠢᠩ
ᠨᠡᠶᠢᠲᠡᠯᠡᠭᠰᠡᠨ ᠴᠠᠭ᠄
2020/9/13
ᠠᠵᠢᠯ ᠤᠨ ᠬᠤᠪᠢᠶᠠᠷᠢᠯᠠᠯ᠄      ᠠᠵᠤ ᠠᠬᠤᠢ ᠡᠬᠢ ᠪᠠᠶᠠᠯᠢᠭ ᠣᠷᠴᠢᠨ ᠲᠣᠭᠤᠷᠢᠨ ᠤ ᠵᠥᠪᠯᠡᠯ ᠤᠨ ᠠᠵᠢᠯ ᠢ ᠬᠤᠪᠢᠳᠠᠨ ᠬᠠᠮᠢᠶᠠᠷᠤᠨ᠎ᠠ᠃ ᠨᠢᠭᠡᠳᠦᠮᠡᠯ ᠹᠷᠣᠨᠲ ᠤᠨ ᠬᠡᠯᠲᠡᠰ᠂ ᠵᠠᠮ ᠬᠠᠷᠢᠯᠴᠠᠭᠠᠨ ᠤ ᠲᠣᠪᠴᠢᠶ᠎ᠠ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠵᠠᠮ ᠠᠷᠠᠴᠢᠯᠠᠬᠤ ᠪᠠᠶᠢᠴᠠᠭᠠᠬᠤ ᠭᠠᠵᠠᠷ᠂ ᠪᠠᠶᠠᠨᠨᠠᠭᠤᠷ ᠬᠤᠲᠠ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠲᠠ ᠶᠢᠨ ᠲᠥᠪ ᠤᠨ ᠤᠷᠠᠳ ᠤᠨ ᠡᠮᠦᠨᠡᠲᠦ ᠬᠤᠰᠢᠭᠤᠨ ᠤ ᠭᠠᠵᠠᠷ᠂ ᠾᠦᠢ ᠲᠦᠩ ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠡᠷ ᠪᠠᠶᠢᠰᠢᠩ ᠤᠨ ᠥᠮᠴᠢᠯᠡᠯ ᠤᠨ ᠡᠷᠬᠡ ᠠᠷᠠᠯᠵᠢᠶᠠᠯᠠᠬᠤ ᠲᠥᠪ᠂ ᠴᠡᠴᠡᠷᠯᠢᠭ ᠤᠨ ᠨᠣᠭᠤᠭᠠᠷᠠᠭᠤᠯᠬᠤ ᠦᠢᠯᠡᠴᠢᠯᠡᠭᠡᠨ ᠤ ᠲᠥᠪ᠂ ᠤᠰᠤᠨ ᠤ ᠶᠠᠪᠤᠳᠠᠯ ᠤᠨ ᠲᠣᠪᠴᠢᠶ᠎ᠠ᠂ ᠦᠶᠡᠷ ᠢ ᠰᠡᠷᠭᠡᠶᠢᠯᠡᠬᠦ ᠠᠵᠢᠯ ᠤᠨ ᠠᠯᠪᠠᠨ ᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠣᠪᠴᠢᠶ᠎ᠠ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠷᠠᠯᠵᠢᠶᠠᠴᠢᠨ ᠤᠷᠢᠬᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠠᠷᠠᠯᠵᠢᠶ᠎ᠠ ᠶᠢᠨ ᠦᠢᠯᠡᠴᠢᠯᠡᠭᠡᠨ ᠤ ᠲᠥᠪ᠂ ᠠᠵᠤ ᠦᠢᠯᠡᠳᠪᠦᠷᠢ ᠶᠢᠨ ᠬᠦᠷᠢᠶᠡᠯᠡᠩ᠂ ᠳᠤᠮᠳᠠ ᠵᠢᠵᠢᠭ ᠠᠵᠤ ᠠᠬᠤᠶᠢᠯᠠᠯ ᠤᠨ ᠦᠢᠯᠡᠰ ᠴᠣᠭᠴᠠᠯᠠᠬᠤ ᠬᠦᠷᠢᠶᠡᠯᠡᠩ ᠂ ᠤᠷᠠᠳ ᠤᠨ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢᠨ ᠥᠷᠲᠡᠭᠡ᠂ ᠴᠢᠯᠠᠭᠤᠨ ᠲᠣᠰᠣᠨ ᠤ ᠺᠣᠮᠫᠠᠨᠢ᠂ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ᠂ ᠳᠠᠪᠤᠰᠤᠨ ᠤ ᠦᠢᠯᠡᠰ ᠤᠨ ᠺᠣᠮᠫᠠᠨᠢ᠂ ᠲᠡᠮᠦᠷ ᠵᠠᠮ᠂ ᠮᠤᠨᠠ ᠠᠭᠤᠯᠠ ᠶᠢᠨ ᠴᠠᠬᠢᠯᠭᠠᠨ ᠭᠠᠷᠭᠠᠬᠤ ᠦᠢᠯᠡᠳᠪᠦᠷᠢ᠂ ᠤᠯᠠᠭᠠᠨᠰᠤᠬᠠᠢ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠬᠠᠲᠤᠨ ᠭᠤᠣᠯ ᠤᠨ ᠪᠠᠷᠢᠯᠭ᠎ᠠ ᠶᠢᠨ ᠲᠣᠪᠴᠢᠶᠠᠨ ᠤ ᠬᠤᠪᠢ ᠣᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠭᠤᠷᠪᠠᠲᠤᠭᠠᠷ  ᠪᠠᠷᠢᠯᠭ᠎ᠠ ᠶᠢᠨ ᠭᠠᠵᠠᠷ᠂ ᠪᠠᠶᠠᠨᠨᠠᠭᠤᠷ ᠲᠡᠭᠡᠭᠡᠪᠦᠷᠢ ᠶᠢᠨ ᠡᠮᠦᠨᠡᠲᠦ ᠬᠤᠰᠢᠭᠤᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ ᠨᠢᠭᠡᠴᠢ ᠲᠠᠢ ᠬᠠᠷᠢᠯᠴᠠᠨ᠎ᠠ᠃ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ᠄     ᠵᠠᠩ ᠬᠠᠢ ᠴᠢᠩ᠂ ᠡᠷᠡᠭᠲᠡᠢ᠂ ᠬᠢᠲᠠᠳ ᠦᠨᠳᠦᠰᠦᠲᠡᠨ᠂ 1967 ᠣᠨ ᠤ 3 ᠰᠠᠷ᠎ᠠ ᠳᠤ ᠳᠦᠷᠦᠵᠡᠶ ᠃ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠷᠠᠳ ᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠨ᠎ᠡ᠃  
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ