ᠤᠷᠠᠳ ᠤᠨ ᠡᠮᠦᠨᠡᠲᠦ ᠬᠤᠰᠢᠭᠤᠨ ᠤ ︽ᠳ᠋ᠢ ᠴᠦᠨ ᠬᠤᠨᠳᠠᠭᠠᠲᠤ︾ ᠭᠤᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠬᠦ  ᠮᠡᠳᠡᠭᠳᠡᠯ
ᠨᠡᠶᠢᠲᠡᠯᠡᠭᠰᠡᠨ ᠴᠠᠭ᠄
2020/9/22
           ᠤᠷᠠᠳ ᠵᠠᠰᠠᠭ ᠠᠯᠪᠠᠨ ᠲᠠᠷᠬᠠᠭᠠᠭᠰᠠᠨ ︹ 2020 ︺ 81 ᠳ᠋ᠦ᠋ᠭᠡᠷ ᠲᠣᠭᠠᠲᠤ    ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠤᠷᠠᠳ ᠤᠨ ᠡᠮᠦᠨᠡᠲᠦ ᠬᠤᠰᠢᠭᠤᠨ ᠤ ︽ᠳ᠋ᠢ ᠴᠦᠨ ᠬᠤᠨᠳᠠᠭᠠᠲᠤ︾ ᠭᠤᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠬᠦ ᠲᠤᠬᠠᠶ ᠮᠡᠳᠡᠭᠳᠡᠯ  ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠵᠢᠭᠠᠰᠤᠨ ᠲᠠᠯᠠᠪᠠᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠷᠠᠳ ᠤᠨ ᠪᠦᠯᠬᠦᠮ᠂  ᠬᠤᠰᠢᠭᠤᠨ ᠳᠤ ᠰᠠᠭᠤᠭ᠎ᠠ  ᠨᠢᠭᠡᠴᠡ᠂ ᠡᠯ᠎ᠡ ᠠᠵᠤ ᠠᠬᠤᠶᠢᠯᠠᠯ ᠳᠤ᠄    ︽ᠪᠦᠬᠦ ᠠᠷᠠᠳ ᠪᠠᠷ ᠢᠶᠠᠨ ᠪᠡᠶ᠎ᠡ ᠪᠠᠨ ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ︾ ᠶᠢ ᠭᠦᠨᠵᠡᠭᠡᠶ ᠲᠣᠭᠤᠰᠢᠯᠠᠭᠤᠯᠬᠤ ᠶᠢᠨ ᠲᠥᠯᠥᠭᠡ᠂ ᠪᠦᠬᠦ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠠᠬᠢᠭᠤᠯᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠪᠦᠯᠬᠦᠮᠳᠡᠨ ᠳᠠᠪᠰᠢᠬᠤ᠂ ᠡᠷᠡᠯᠬᠡᠭᠯᠡᠨ ᠲᠡᠮᠡᠴᠡᠵᠦ ᠭᠤᠶᠠᠴᠢ ᠦᠭᠡᠢ ᠵᠢᠳᠭᠦᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠡᠷᠡᠭᠦᠯ ᠪᠣᠯᠪᠠᠰᠤᠨ᠂ ᠪᠦᠯᠬᠦᠮᠳᠡᠨ ᠤᠷᠤᠭᠰᠢᠯᠠᠭᠰᠠᠨ᠂ ᠴᠡᠴᠡᠭᠯᠡᠨ ᠬᠥᠭᠵᠢᠭᠰᠡᠨ ᠡᠶ᠎ᠡ ᠵᠣᠬᠢᠴᠠᠯ ᠲᠠᠢ ︽ᠡᠷᠡᠭᠦᠯ ᠡᠩᠬᠡ ᠤᠷᠠᠳ ᠤᠨ ᠡᠮᠦᠨᠡᠲᠦ ᠬᠤᠰᠢᠭᠤ︾ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ  ᠪᠣᠯᠭᠠᠵᠤ᠂ ︽ᠪᠡᠶ᠎ᠡ ᠶᠢᠨ ᠲᠠᠮᠢᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠬᠠᠷᠠᠯᠲᠠ ᠶᠢ ᠪᠡᠶᠡᠯᠡᠭᠦᠯᠦᠨ᠎ᠡ᠃ ᠰᠤᠳᠤᠯᠬᠤ ᠪᠠᠷ ᠳᠡᠮᠵᠢᠨ᠂ ᠤᠷᠠᠳ ᠤᠨ ᠡᠮᠦᠨᠡᠲᠦ ᠬᠤᠰᠢᠭᠤᠨ ᠤ ︽ ᠳ᠋ᠢ ᠴᠦᠨ ᠬᠤᠨᠳᠠᠭᠠᠲᠤ︾ ᠭᠤᠷᠪᠠᠳᠤᠭᠠᠷ  ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠬᠦ ᠪᠠᠷ ᠲᠣᠭᠲᠠᠪᠠ᠃ ᠡᠯ᠎ᠡ ᠨᠢᠭᠡᠴᠡ ᠤᠷᠤᠯᠳᠤᠭᠠᠨ ᠤ ᠳᠦᠷᠢᠮ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠬᠢᠨᠠᠮᠠᠭᠠᠶ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠤᠷᠤᠯᠳᠤᠭᠠᠨ ᠠᠴᠠ ᠡᠮᠦᠨᠡᠬᠢ ᠪᠡᠯᠡᠳᠬᠡᠯ ᠠᠵᠢᠯ ᠢ ᠰᠠᠶᠢᠲᠤᠷ ᠬᠢᠵᠦ᠂ ᠢᠳᠡᠪᠬᠢᠲᠡᠶ ᠪᠠᠷ ᠨᠡᠷ᠎ᠡ ᠮᠡᠳᠡᠭᠦᠯᠵᠦ  ᠣᠷᠤᠯᠴᠠᠬᠤ ᠬᠡᠷᠡᠭᠲᠡᠢ᠃    ᠳᠠᠭᠠᠯᠳᠤᠭᠤᠯᠤᠯ᠄    1 . ᠤᠷᠠᠳ  ᠤᠨ ᠡᠮᠦᠨᠡᠲᠦ ᠬᠤᠰᠢᠭᠤᠨ ᠤ ︽ ᠳ᠋ᠢ ᠴᠦᠨ ᠬᠤᠨᠳᠠᠭᠠᠲᠤ︾ ᠭᠤᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠬᠡᠷᠡᠭᠵᠢᠭᠦᠯᠬᠦ ᠲᠥᠰᠦᠯ    2 . ᠤᠷᠠᠳ ᠤᠨ ᠡᠮᠦᠨᠡᠲᠦ ᠬᠤᠰᠢᠭᠤᠨ ᠤ ︽ ᠳ᠋ᠢ ᠴᠦᠨ ᠬᠤᠨᠳᠠᠭᠠᠲᠤ︾ ᠭᠤᠷᠪᠠᠳᠤᠭᠠᠷ ᠬᠤᠭᠤᠴᠠᠭᠠᠨ ᠤ ᠠᠵᠢᠯᠲᠠᠨ  ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠳᠦᠷᠢᠮ    3. ᠤᠷᠠᠳ ᠤᠨ ᠡᠮᠦᠨᠡᠲᠦ ᠬᠤᠰᠢᠭᠤᠨ ᠤ ︽ ᠳ᠋ᠢ ᠴᠦᠨ ᠬᠤᠨᠳᠠᠭᠠᠲᠤ︾ ᠭᠤᠷᠪᠠᠳᠤᠭᠠᠷ ᠬᠤᠭᠤᠴᠠᠭᠠᠨ ᠤ ᠠᠵᠢᠯᠲᠠᠨ  ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠨᠡᠷ᠎ᠡ ᠮᠡᠳᠡᠭᠦᠯᠬᠦ ᠬᠦᠰᠦᠨᠦᠭᠲᠦ                ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                       2020 ᠣᠨ ᠤ 9 ᠰᠠᠷ᠎ᠠ ᠶᠢᠨ 10 ᠤ ᠡᠳᠦᠷ
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号