ᠤᠷᠠᠳ ᠵᠠᠰᠠᠭ ᠠᠯᠪᠠᠨ ᠲᠠᠷᠬᠠᠭᠠᠭᠰᠠᠨ ︹ 2020 ︺ 81 ᠳ᠋ᠦ᠋ᠭᠡᠷ ᠲᠣᠭᠠᠲᠤ | ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠤᠷᠠᠳ ᠤᠨ ᠡᠮᠦᠨᠡᠲᠦ ᠬᠤᠰᠢᠭᠤᠨ ᠤ ︽ᠳ᠋ᠢ ᠴᠦᠨ | ᠬᠤᠨᠳᠠᠭᠠᠲᠤ︾ ᠭᠤᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠬᠦ ᠲᠤᠬᠠᠶ ᠮᠡᠳᠡᠭᠳᠡᠯ | | ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠵᠢᠭᠠᠰᠤᠨ ᠲᠠᠯᠠᠪᠠᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠷᠠᠳ ᠤᠨ ᠪᠦᠯᠬᠦᠮ᠂ | ᠬᠤᠰᠢᠭᠤᠨ ᠳᠤ ᠰᠠᠭᠤᠭ᠎ᠠ ᠨᠢᠭᠡᠴᠡ᠂ ᠡᠯ᠎ᠡ ᠠᠵᠤ ᠠᠬᠤᠶᠢᠯᠠᠯ ᠳᠤ᠄ | ︽ᠪᠦᠬᠦ ᠠᠷᠠᠳ ᠪᠠᠷ ᠢᠶᠠᠨ ᠪᠡᠶ᠎ᠡ ᠪᠠᠨ ᠴᠢᠭᠢᠷᠠᠭᠵᠢᠭᠤᠯᠬᠤ ᠶᠢ ᠬᠡᠷᠡᠭᠵᠢᠭᠦᠯᠬᠦ ᠲᠥᠯᠥᠪᠯᠡᠭᠡ︾ ᠶᠢ ᠭᠦᠨᠵᠡᠭᠡᠶ ᠲᠣᠭᠤᠰᠢᠯᠠᠭᠤᠯᠬᠤ ᠶᠢᠨ ᠲᠥᠯᠥᠭᠡ᠂ ᠪᠦᠬᠦ | ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠠᠬᠢᠭᠤᠯᠵᠤ᠂ ᠥᠷᠭᠡᠨ ᠣᠯᠠᠨ ᠺᠠᠳ᠋ᠷ ᠠᠵᠢᠯᠲᠠᠨ | ᠠᠵᠢᠯᠴᠢᠨ ᠤ ᠪᠦᠯᠬᠦᠮᠳᠡᠨ ᠳᠠᠪᠰᠢᠬᠤ᠂ ᠡᠷᠡᠯᠬᠡᠭᠯᠡᠨ ᠲᠡᠮᠡᠴᠡᠵᠦ ᠭᠤᠶᠠᠴᠢ ᠦᠭᠡᠢ ᠵᠢᠳᠭᠦᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ | ᠡᠷᠡᠭᠦᠯ ᠪᠣᠯᠪᠠᠰᠤᠨ᠂ ᠪᠦᠯᠬᠦᠮᠳᠡᠨ ᠤᠷᠤᠭᠰᠢᠯᠠᠭᠰᠠᠨ᠂ ᠴᠡᠴᠡᠭᠯᠡᠨ ᠬᠥᠭᠵᠢᠭᠰᠡᠨ ᠡᠶ᠎ᠡ ᠵᠣᠬᠢᠴᠠᠯ ᠲᠠᠢ ︽ᠡᠷᠡᠭᠦᠯ ᠡᠩᠬᠡ ᠤᠷᠠᠳ ᠤᠨ ᠡᠮᠦᠨᠡᠲᠦ ᠬᠤᠰᠢᠭᠤ︾ ᠶᠢᠨ | ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠵᠤ᠂ ︽ᠪᠡᠶ᠎ᠡ ᠶᠢᠨ ᠲᠠᠮᠢᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ ᠬᠠᠷᠠᠯᠲᠠ ᠶᠢ | ᠪᠡᠶᠡᠯᠡᠭᠦᠯᠦᠨ᠎ᠡ᠃ ᠰᠤᠳᠤᠯᠬᠤ ᠪᠠᠷ ᠳᠡᠮᠵᠢᠨ᠂ ᠤᠷᠠᠳ ᠤᠨ ᠡᠮᠦᠨᠡᠲᠦ ᠬᠤᠰᠢᠭᠤᠨ ᠤ ︽ ᠳ᠋ᠢ ᠴᠦᠨ ᠬᠤᠨᠳᠠᠭᠠᠲᠤ︾ ᠭᠤᠷᠪᠠᠳᠤᠭᠠᠷ ᠬᠤᠭᠤᠴᠠᠭᠠᠨ ᠤ ᠠᠵᠢᠯᠲᠠᠨ | ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠬᠦ ᠪᠠᠷ ᠲᠣᠭᠲᠠᠪᠠ᠃ ᠡᠯ᠎ᠡ ᠨᠢᠭᠡᠴᠡ ᠤᠷᠤᠯᠳᠤᠭᠠᠨ ᠤ ᠳᠦᠷᠢᠮ ᠲᠣᠭᠲᠠᠭᠠᠯ ᠤᠨ ᠱᠠᠭᠠᠷᠳᠠᠯᠭ᠎ᠠ | ᠶᠣᠰᠣᠭᠠᠷ ᠬᠢᠨᠠᠮᠠᠭᠠᠶ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠤᠷᠤᠯᠳᠤᠭᠠᠨ ᠠᠴᠠ ᠡᠮᠦᠨᠡᠬᠢ ᠪᠡᠯᠡᠳᠬᠡᠯ ᠠᠵᠢᠯ ᠢ ᠰᠠᠶᠢᠲᠤᠷ ᠬᠢᠵᠦ᠂ ᠢᠳᠡᠪᠬᠢᠲᠡᠶ ᠪᠠᠷ ᠨᠡᠷ᠎ᠡ | ᠮᠡᠳᠡᠭᠦᠯᠵᠦ ᠣᠷᠤᠯᠴᠠᠬᠤ ᠬᠡᠷᠡᠭᠲᠡᠢ᠃ | ᠳᠠᠭᠠᠯᠳᠤᠭᠤᠯᠤᠯ᠄ | 1 . ᠤᠷᠠᠳ ᠤᠨ ᠡᠮᠦᠨᠡᠲᠦ ᠬᠤᠰᠢᠭᠤᠨ ᠤ ︽ ᠳ᠋ᠢ ᠴᠦᠨ ᠬᠤᠨᠳᠠᠭᠠᠲᠤ︾ ᠭᠤᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ | ᠲᠠᠮᠢᠷ ᠤᠨ ᠴᠤᠭᠯᠠᠭᠠᠨ ᠤ ᠬᠡᠷᠡᠭᠵᠢᠭᠦᠯᠬᠦ ᠲᠥᠰᠦᠯ | 2 . ᠤᠷᠠᠳ ᠤᠨ ᠡᠮᠦᠨᠡᠲᠦ ᠬᠤᠰᠢᠭᠤᠨ ᠤ ︽ ᠳ᠋ᠢ ᠴᠦᠨ ᠬᠤᠨᠳᠠᠭᠠᠲᠤ︾ ᠭᠤᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ | ᠲᠠᠮᠢᠷ ᠤᠨ ᠴᠤᠭᠯᠠᠭᠠᠨ ᠤ ᠤᠷᠤᠯᠳᠤᠭᠠᠨ ᠤ ᠳᠦᠷᠢᠮ | 3. ᠤᠷᠠᠳ ᠤᠨ ᠡᠮᠦᠨᠡᠲᠦ ᠬᠤᠰᠢᠭᠤᠨ ᠤ ︽ ᠳ᠋ᠢ ᠴᠦᠨ ᠬᠤᠨᠳᠠᠭᠠᠲᠤ︾ ᠭᠤᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ | ᠴᠤᠭᠯᠠᠭᠠᠨ ᠤ ᠨᠡᠷ᠎ᠡ ᠮᠡᠳᠡᠭᠦᠯᠬᠦ ᠬᠦᠰᠦᠨᠦᠭᠲᠦ | | ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 9 ᠰᠠᠷ᠎ᠠ ᠶᠢᠨ 10 ᠤ ᠡᠳᠦᠷ | |