ᠪᠥᠬᠦ ᠬᠤᠰᠢᠭᠤᠨ ᠤ ᠠᠷᠠᠳ ᠲᠦᠮᠡᠨ ᠳᠤ ᠥᠭᠭᠦᠭᠰᠡᠨ ᠵᠠᠬᠢᠳᠠᠯ
ᠨᠡᠶᠢᠲᠡᠯᠡᠭᠰᠡᠨ ᠴᠠᠭ᠄
2021/1/12
ᠪᠥᠬᠦ ᠬᠤᠰᠢᠭᠤᠨ ᠤ ᠠᠬᠠᠰ ᠵᠠᠬᠠᠰ ᠠᠬ᠎ᠠ ᠳᠡᠭᠦᠦ ᠨᠠᠷ ᠡ᠄      ᠣᠳᠣᠬᠠᠨ ᠳᠤ᠂ ᠤᠯᠤᠰ ᠤᠨ ᠭᠠᠳᠠᠭᠠᠳᠤ ᠶᠢᠨ ᠬᠢᠵᠢᠭ ᠤᠨ ᠪᠠᠶᠢᠳᠠᠯ ᠦᠷᠭᠦᠯᠵᠢᠯᠡᠨ ᠦᠷᠪᠢᠰᠦᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠲᠤᠰ ᠭᠠᠵᠠᠷ ᠣᠷᠣᠨ ᠤ ᠬᠢᠵᠢᠭ ᠤᠨ ᠪᠠᠶᠢᠳᠠᠯ ᠤᠯᠠᠨ ᠴᠡᠭ ᠲᠤ ᠲᠠᠷᠬᠠᠨ ᠳᠡᠯᠭᠡᠷᠡᠵᠦ᠂ ᠬᠡᠰᠡᠭ ᠭᠠᠵᠠᠷ ᠤᠨ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠲᠠᠢ ᠰᠣᠯᠪᠢᠴᠠᠨ ᠳᠠᠪᠬᠤᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ‌‍ᠴᠦ  ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠵᠤ ᠪᠠᠶᠢᠨ᠎ᠠ᠃ ᠴᠠᠭᠠᠨ ᠰᠠᠷ᠎ᠠ ᠣᠶᠢᠷᠠᠲᠤᠬᠤ ᠶᠢ ᠳᠠᠭᠠᠯᠳᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠡᠷᠡᠭᠦᠯ ᠪᠣᠯᠪᠠᠰᠤᠨ ᠠᠮᠢᠳᠤᠷᠠᠯ ᠤᠨ ᠬᠡᠯᠪᠡᠷᠢ ᠶᠢ ᠰᠠᠨᠠᠭᠠᠴᠢᠯᠠᠵᠤ᠂ ᠥᠷᠭᠡᠨ ᠣᠯᠠᠨ ᠠᠷᠠᠳ ᠲᠦᠮᠡᠨ ᠢ ᠪᠠᠶᠠᠷ ᠬᠥᠷ ᠲᠠᠢ ᠪᠠᠷ ᠰᠢᠨ᠎ᠡ ᠵᠢᠯ ᠢ ᠥᠩᠭᠡᠷᠡᠭᠦᠯᠬᠦ ᠶᠢᠨ ᠲᠥᠯᠥᠭᠡ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄       ᠨᠢᠭᠡ᠂ ᠶᠠᠪᠤᠵᠤ ᠰᠠᠭᠤᠬᠤ ᠪᠠ ᠴᠤᠭᠯᠠᠷᠠᠬᠤ ᠶᠢ ᠪᠠᠭᠠᠰᠬᠠᠬᠤ ᠬᠡᠷᠡᠭᠲᠡᠶ᠃ ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠨ ᠬᠠᠷ᠎ᠠ ᠶᠢᠨ ᠶᠠᠪᠤᠵᠤ ᠰᠠᠭᠤᠬᠤ ᠨᠢ ᠤᠯᠠᠰᠢᠷᠠᠳᠠᠭ᠂ ᠥᠷᠭᠡᠨ ᠤᠯᠠᠨ ᠠᠷᠠᠳ ᠲᠦᠮᠡᠨ ᠠᠯᠢ ᠴᠢᠳᠠᠬᠤ ᠪᠠᠷ ᠲᠦᠷᠦᠯ ᠰᠠᠳᠤᠨ ᠨᠠᠶᠢᠵᠠ ᠨᠥᠬᠦᠳ ᠲᠠᠢ ᠪᠠᠨ ᠠᠭᠤᠯᠵᠠᠬᠤ ᠪᠠᠨ ᠪᠠᠭᠠᠰᠬᠠᠵᠤ᠂ ᠣᠪᠤᠭᠠᠷᠠᠯᠳᠤᠬᠤ ᠦᠭᠡᠢ᠂ ᠴᠤᠭᠯᠠᠷᠠᠬᠤ ᠦᠭᠡᠢ᠂ ᠬᠠᠮᠲᠤ ᠬᠤᠭᠤᠯᠠᠯᠠᠬᠤ ᠦᠭᠡᠢ ᠪᠠᠶᠢᠵᠤ᠂ ᠵᠢᠷᠭᠢᠶ᠎ᠡ᠂ ᠤᠲᠠᠰᠤ᠂ ᠸᠢᠳᠢᠣ᠋ ᠪᠠᠷ ᠰᠢᠨ᠎ᠡ ᠶᠢᠨ ᠵᠣᠯᠭᠠᠯᠲᠠ ᠬᠢᠬᠦ ᠶᠢ ᠰᠠᠨᠠᠭᠠᠴᠢᠯᠠᠵᠤ᠂ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ ᠠᠮᠠᠪᠴᠢ ᠵᠡᠭᠦᠬᠦ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠦᠷᠭᠦᠯᠵᠢ ᠭᠠᠷ ᠢᠶᠠᠨ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠵᠦ᠂ ᠳᠤᠲᠠᠭᠤ ᠴᠤᠭᠯᠠᠷᠠᠬᠤ᠂ ᠨᠢᠭᠡ ᠮᠧᠲᠷ ᠤᠨ ᠵᠠᠢ ᠢ ᠪᠠᠲᠤᠯᠠᠬᠤ᠂ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠠᠷᠢᠭᠤᠨ ᠴᠡᠪᠡᠷ ᠪᠣᠯᠪᠠᠰᠤᠨ ᠳᠠᠳᠬᠠᠯ ᠲᠠᠢ ᠪᠣᠯᠬᠤ ᠬᠡᠷᠡᠭᠲᠡᠶ᠃ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠲᠦᠭᠰᠢᠭᠦᠷᠢ  ᠶᠢᠨ ᠰᠠᠨᠠᠭᠤᠯᠤᠮᠵᠢ ᠶᠢ ᠨᠢᠭᠲᠠ ᠠᠩᠬᠠᠷᠴᠤ᠂ ᠴᠢᠬᠤᠯᠠ ᠶᠠᠪᠤᠳᠠᠯ ᠦᠭᠡᠢ ᠪᠣᠯ ᠬᠤᠰᠢᠭᠤᠨ ᠠᠴᠠ ᠭᠠᠷᠬᠤ ᠥᠬᠡᠶ᠂ ᠬᠢᠯᠢ ᠠᠴᠠ ᠭᠠᠷᠬᠤ ᠥᠬᠡᠶ᠂ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠦ ᠭᠠᠵᠠᠷ ᠣᠷᠣᠨ  ᠳᠤ ᠣᠴᠢᠬᠤ ᠥᠬᠡᠶ ᠪᠠᠶᠢᠬᠤ ᠬᠡᠷᠡᠭᠲᠡᠶ᠃      ᠬᠤᠶᠠᠷ᠂ ᠰᠢᠨ᠎ᠡ ᠵᠢᠯ ᠴᠠᠭᠠᠨ ᠰᠠᠷ᠎ᠠ ᠪᠠᠨ ᠲᠣᠬᠠᠢ ᠶᠢᠨ ᠭᠠᠵᠠᠷ ᠲᠤ ᠪᠠᠨ ᠥᠩᠭᠡᠷᠡᠭᠦᠯᠬᠦ ᠶᠢ ᠵᠣᠷᠢᠭᠵᠢᠭᠤᠯᠤᠨ᠎ᠠ᠃ ᠭᠠᠳᠠᠨ᠎ᠠ ᠠᠵᠢᠯᠯᠠᠵᠤ ᠰᠤᠷᠤᠯᠴᠠᠵᠤ ᠪᠠᠶᠢᠭ᠎ᠠ ᠤᠷᠠᠳ ᠤᠨ ᠡᠮᠦᠨᠡᠲᠦ ᠬᠤᠰᠢᠭᠤᠨ ᠳᠤ ᠨᠤᠲᠤᠭ  ᠲᠠᠢ ᠬᠥᠮᠦᠰ ᠴᠢᠳᠠᠬᠤ ᠶᠢᠨ ᠳᠣᠲᠣᠷ᠎ᠠ ᠲᠤᠬᠠᠶ ᠶᠢᠨ ᠭᠠᠵᠠᠷ ᠲᠠᠭᠠᠨ ᠦᠯᠡᠳᠡᠵᠦ ᠪᠠᠶᠠᠷ ᠤᠨ ᠡᠳᠦᠷ ᠢᠶᠠᠨ ᠪᠡᠯᠭᠡᠯᠡᠬᠦ ᠬᠡᠷᠡᠭᠲᠡᠶ᠂  ᠴᠢᠬᠤᠯᠠ ᠶᠠᠪᠤᠳᠠᠯ ᠦᠭᠡᠢ ᠪᠣᠯ ᠨᠤᠲᠤᠭ ᠲᠠᠭᠠᠨ ᠪᠤᠴᠠᠬᠤ ᠥᠬᠡᠶ ᠪᠠᠶᠢᠵᠤ᠂ ᠠᠶᠠᠨ ᠵᠠᠮ ᠤᠨ ᠲᠦᠭᠰᠢᠭᠦᠷᠢ ᠶᠢ ᠪᠠᠭᠠᠰᠬᠠᠬᠤ ᠶᠢᠨ ᠬᠠᠮᠲᠤ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠢ ᠢᠳᠡᠪᠬᠢᠲᠡᠶ ᠬᠠᠮᠵᠢᠬᠤ ᠬᠡᠷᠡᠭᠲᠡᠶ᠃ ᠦᠨᠡᠨᠬᠦ ᠨᠤᠲᠤᠭ ᠲᠠᠭᠠᠨ ᠪᠤᠴᠠᠬᠤ ᠴᠢᠬᠤᠯᠠ ᠲᠠᠢ ᠬᠥᠮᠦᠰ ( ᠰᠣᠷᠣᠭᠴᠢ )  ᠡᠩ ᠲᠡᠷᠢᠭᠦᠨ ᠳᠤ ᠨᠡᠶᠢᠭᠡᠮ ᠲᠣᠭᠤᠷᠢᠭ ( ᠭᠠᠴᠠᠭ᠎ᠠ ᠲᠣᠰᠬᠤᠨ )   ᠲᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠂  ᠤᠨᠴᠠᠭᠠᠶᠢᠯᠠᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠨᠤᠲᠤᠭ  ᠲᠠᠭᠠᠨ ᠪᠤᠴᠠᠬᠤ ᠬᠥᠮᠦᠰ ( ᠰᠣᠷᠣᠭᠴᠢ )  ᠰᠠᠨᠠᠭᠠᠴᠢᠯᠠᠭ᠎ᠠ ᠠᠴᠠ ᠪᠠᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠬᠡᠷᠡᠭᠲᠡᠶ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠪᠠᠯ᠂ 1 ᠬᠥᠮᠦᠨ 1 ᠡᠷᠦᠬᠡ ᠳᠤ ᠬᠡᠷ ᠲᠤ ᠪᠠᠨ 7 ᠡᠳᠦᠷ ᠦᠷᠭᠦᠯᠵᠢᠯᠡᠨ ᠲᠤᠰᠠᠭᠠᠷᠯᠠᠵᠤ᠂ ᠳᠠᠬᠢᠨ 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠵᠦ᠂ ᠭᠠᠴᠠᠭ᠎ᠠ ᠲᠣᠰᠬᠤᠨ ( ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠶ )   ᠠᠴᠠ ᠨᠢᠭᠡᠳ ᠨᠢᠭᠡ ᠪᠠᠷ ᠣᠨᠣᠪᠴᠢᠲᠠᠶ ᠪᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ; ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠠᠷᠭ᠎ᠠ ᠴᠢᠨᠠᠷᠲᠠᠶ ᠪᠠᠶᠢᠪᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠲᠡᠷᠡ ᠳᠠᠷᠤᠶ ᠳᠤᠨᠢ ᠮᠡᠳᠡᠭᠦᠯᠬᠦ ᠶᠢᠨ ᠬᠠᠮᠲᠤ ᠲᠡᠷᠡ ᠳᠠᠷᠤᠶ ᠳᠤᠨᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠡᠮᠨᠡᠨ  ᠵᠠᠰᠠᠭᠤᠯᠬᠤ ᠶᠢᠨ ᠬᠠᠮᠲᠤ ᠶᠠᠪᠤᠵᠤ ᠰᠠᠭᠤᠭᠰᠠᠨ ᠪᠠᠶᠢᠳᠠᠯ ᠳᠤ ᠪᠠᠶᠢᠴᠠᠭᠠᠯᠲᠠ ᠬᠢᠬᠦ ᠪᠠ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠵᠦ᠂ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠡᠷᠪᠡ ᠵᠢᠭᠤᠯᠴᠢᠯᠠᠭᠰᠠᠨ ᠲᠡᠦᠬᠡ ᠪᠠᠨ ᠨᠢᠭᠤᠵᠤ ᠮᠡᠳᠡᠭᠦᠯᠦᠭᠰᠡᠨ ᠥᠬᠡᠶ᠂ ᠪᠤᠷᠤᠭᠤ ᠪᠠᠷ ᠮᠡᠳᠡᠭᠦᠯᠦᠭᠰᠡᠨ  ᠠᠴᠠ ᠪᠣᠯᠵᠣ ᠬᠢᠵᠢᠭ ᠲᠠᠷᠬᠠᠬᠤ ᠲᠦᠭᠰᠢᠭᠦᠷᠢ ᠭᠠᠷᠭᠠᠭᠰᠠᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠬᠠᠤᠯᠢ ᠶᠣᠰᠣᠭᠠᠷ ᠴᠢᠩᠭ᠎ᠠ ᠰᠢᠶᠳᠪᠦᠷᠢᠯᠡᠬᠦ ᠬᠡᠷᠡᠭᠲᠡᠶ᠃      ᠭᠤᠷᠪᠠ᠂ ᠬᠤᠷᠢᠮ ᠤᠨ ᠰᠢᠨ᠎ᠡ ᠰᠤᠷᠲᠠᠯ ᠢ ᠰᠠᠨᠠᠭᠠᠴᠢᠯᠠᠨ᠎ᠠ᠃ ᠳᠥᠭᠦᠮ ᠳᠥᠲᠡ ᠲᠣᠬᠢᠷᠠᠮᠵᠢᠲᠠᠢ᠂ ᠡᠷᠡᠭᠦᠯ ᠰᠠᠷᠠᠭᠤᠯ ᠪᠣᠯᠪᠠᠰᠤᠨ ᠰᠠᠶᠢᠬᠠᠨ ᠬᠤᠷᠢᠮ ᠤᠨ ᠶᠣᠰᠣᠯᠠᠯ ᠢ ᠡᠷᠬᠢᠮᠯᠡᠵᠦ᠂ ᠬᠤᠷᠢᠮ ᠤᠨ ᠶᠣᠰᠣᠯᠠᠯ ᠢ ᠳᠥᠭᠦᠮᠴᠢᠯᠡᠵᠦ᠂ ᠬᠤᠷᠢᠮ ᠤᠨ ᠬᠡᠪᠴᠢᠶ᠎ᠡ ᠶᠢ ᠬᠢᠵᠠᠭᠠᠷᠯᠠᠵᠤ᠂ ᠶᠡᠭᠡ ᠪᠠᠷ ᠬᠢᠬᠦ᠂ ᠪᠦᠷᠢᠯᠭᠡᠨ ᠰᠦᠢᠳᠬᠡᠬᠦ ᠵᠡᠷᠭᠡ ᠮᠠᠭᠤ ᠳᠠᠳᠬᠠᠯ ᠢ ᠡᠷᠡᠰ ᠬᠤᠷᠢᠭᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠵᠢᠷᠤᠮᠯᠠᠵᠤ᠂ ᠭᠠᠳᠠᠷ ᠣᠷᠣᠨ ᠤ ᠲᠥᠷᠥᠯ ᠰᠠᠳᠤᠨ ᠨᠠᠶᠢᠵᠠ ᠨᠥᠬᠦᠳ ᠢ ᠤᠷᠢᠵᠤ ᠬᠤᠷᠢᠮ ᠳᠤ ᠣᠷᠣᠯᠴᠠᠭᠤᠯᠬᠤ ᠥᠬᠡᠶ᠂ ᠬᠡᠷ ᠤᠨ ᠬᠥᠮᠦᠰ  ᠣᠶᠢᠷ᠎ᠠ ᠲᠦᠷᠦᠭᠰᠡᠳ ᠢᠶᠠᠨ ᠯᠡ ᠣᠷᠣᠯᠴᠠᠭᠤᠯᠬᠤ ᠵᠢᠵᠢᠭ ᠬᠡᠯᠪᠡᠷᠢ  ᠶᠢᠨ ᠬᠤᠷᠢᠮ ᠡᠷᠭᠢᠯᠡᠬᠦ ᠶᠢ ᠵᠣᠷᠢᠭᠵᠢᠭᠤᠯᠬᠤ ᠬᠡᠷᠡᠭᠲᠡᠶ᠃      ᠳᠥᠷᠪᠡ᠂  ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠬᠦ ᠶᠢ ᠰᠠᠨᠠᠭᠠᠴᠢᠯᠠᠨ᠎ᠠ᠃ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠣᠷᠣᠰᠢᠭᠤᠯᠭ᠎ᠠ ᠶᠢᠨ ᠠᠵᠢᠯᠯᠠᠭ᠎ᠠ ᠶᠢ ᠳᠥᠭᠦᠮᠴᠢᠯᠡᠵᠦ᠂ ᠭᠠᠰᠢᠭᠤᠳᠠᠯ ᠤᠨ ᠶᠠᠪᠤᠳᠠᠯ ᠢ ᠡᠷᠬᠢᠯᠡᠬᠦ ᠬᠡᠪᠴᠢᠶ᠎ᠡ ᠶᠢ ᠬᠢᠵᠠᠭᠠᠷᠯᠠᠨ᠂ ᠭᠠᠰᠢᠭᠤᠳᠠᠯ ᠤᠨ ᠶᠠᠪᠤᠳᠠᠯ ᠢ ᠡᠷᠬᠢᠯᠡᠬᠦ ᠴᠠᠭ ᠢ ᠪᠣᠭᠤᠨᠢᠰᠬᠠᠵᠤ᠂ ᠭᠠᠳᠠᠷ ᠣᠷᠣᠨ ᠤ ᠲᠥᠷᠥᠯ ᠰᠠᠳᠤᠨ ᠨᠠᠶᠢᠵᠠ ᠨᠥᠬᠦᠳ ᠢᠶᠠᠨ ᠤᠷᠢᠵᠤ ᠣᠷᠣᠰᠢᠭᠤᠯᠭ᠎ᠠ ᠶᠢᠨ ᠶᠣᠰᠣᠯᠠᠯ ᠳᠤ ᠣᠷᠣᠯᠴᠠᠭᠤᠯᠬᠤ ᠥᠬᠡᠶ ᠪᠠᠶᠢᠵᠤ᠂ ᠬᠥᠮᠦᠰ ᠤᠨ ᠴᠤᠭᠯᠠᠷᠠᠬᠤ ᠶᠢ ᠠᠯᠢ ᠴᠢᠳᠠᠬᠤ ᠪᠠᠷ ᠪᠠᠭᠠᠰᠬᠠᠨ᠎ᠠ᠃ ᠪᠣᠯᠪᠠᠰᠤᠨ  ᠢᠶᠠᠷ ᠬᠡᠭᠦᠷ ᠭᠠᠷᠭᠠᠬᠤ ᠶᠢ ᠰᠠᠨᠠᠭᠠᠴᠢᠯᠠᠵᠤ᠂ ᠣᠩᠭᠤᠨ ᠤ ᠭᠠᠵᠠᠷ ᠣᠩᠭᠤᠨ ᠤ ᠬᠦᠷᠢᠶᠡᠯᠡᠩ᠂ ᠵᠠᠮ ᠤᠨ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠵᠡᠷᠭᠡ ᠲᠠᠯᠠᠪᠤᠷ ᠲᠤ ᠲᠠᠬᠢᠯᠭ᠎ᠠ ᠶᠢᠨ ᠡᠳ᠋ ᠰᠢᠲᠠᠭᠠᠬᠤ ᠦᠭᠡᠶ᠂ ᠬᠤᠸᠠᠷ ᠫᠤᠤᠵᠢᠩ ᠲᠠᠯᠪᠢᠬᠤ ᠦᠭᠡᠶ᠂ ᠴᠠᠭᠠᠰᠤᠨ ᠵᠣᠭᠤᠰ ᠰᠠᠴᠤᠵᠤ᠂ ᠭᠠᠯ ᠤᠨ ᠠᠶᠤᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃     ᠲᠠᠪᠤ᠂ ᠪᠣᠩᠬᠤᠨ ᠱᠦᠭᠦᠷᠳᠡᠬᠦ ᠪᠣᠯᠪᠠᠰᠤᠨ ᠰᠤᠷᠲᠠᠯ ᠢ ᠰᠠᠨᠠᠭᠠᠴᠢᠯᠠᠨ᠎ᠠ᠃ ᠪᠣᠬᠢᠷᠲᠤᠯ ᠥᠬᠡᠶ ᠪᠣᠩᠬᠤᠨ ᠱᠦᠭᠦᠷᠳᠡᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠪᠣᠯᠪᠠᠰᠤᠨ ᠪᠤᠰᠤ ᠪᠣᠩᠬᠤᠨ ᠱᠦᠭᠦᠷᠳᠡᠬᠦ ᠶᠢᠨ ᠠᠷᠭ᠎ᠠ ᠬᠡᠯᠪᠡᠷᠢ ᠶᠢ ᠤᠬᠠᠮᠰᠠᠷ ᠠᠴᠠ ᠪᠠᠨ ᠲᠠᠶᠠᠭᠳᠠᠵᠤ᠂ ᠬᠡᠷ ᠪᠦᠯᠢ ᠶᠢᠨ ᠬᠢᠨ ᠤ ᠰᠠᠨᠠᠭᠠᠯᠵᠠᠬᠤ᠂ ᠰᠦᠯᠵᠢᠶ᠎ᠡ ᠪᠠᠷ ᠪᠣᠩᠬᠤᠨ ᠱᠦᠭᠦᠷᠳᠡᠬᠦ ᠵᠡᠷᠭᠡ ᠠᠷᠭ᠎ᠠ ᠬᠡᠯᠪᠡᠷᠢ ᠪᠠᠷ ᠬᠠᠭᠤᠴᠢᠨ ᠨᠠᠶᠢᠵᠠ ᠪᠠᠨ ᠳᠤᠷᠠᠰᠤᠨ ᠰᠠᠨᠠᠭᠠᠯᠵᠠᠵᠤ᠂ ᠭᠠᠰᠢᠭᠤᠳᠠᠯ ᠢᠶᠠᠨ ᠢᠯᠡᠳᠬᠡᠬᠦ ᠶᠢ ᠵᠣᠷᠢᠭᠵᠢᠭᠤᠯᠵᠤ᠂ ᠠᠯᠢ ᠴᠢᠳᠠᠬᠤ ᠪᠠᠷ ᠨᠡᠶᠢᠲᠡ ᠶᠢᠨ ᠣᠩᠭᠤᠨ᠂ ᠴᠢᠨᠳᠠᠷ ᠤᠨ ᠲᠠᠩᠬᠢᠮ ᠵᠡᠷᠭᠡ ᠲᠠᠯᠠᠪᠤᠷ ᠲᠤ ᠬᠦᠷᠴᠦ ᠲᠥᠪᠯᠡᠷᠡᠭᠦᠯᠦᠨ ᠪᠣᠩᠬᠤᠨ ᠱᠦᠭᠦᠷᠳᠡᠬᠦ᠂ ᠬᠢᠵᠢᠭ ᠲᠠᠷᠬᠠᠬᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠬᠤ ᠬᠡᠷᠡᠭᠲᠡᠶ᠃      ᠵᠢᠷᠭᠤᠭ᠎ᠠ᠂ ᠲᠦᠷᠦᠭᠦᠯᠡᠨ ᠵᠢᠱᠢᠶ᠎ᠡ ᠦᠵᠡᠭᠦᠯᠬᠦ ᠶᠢ ᠰᠠᠨᠠᠭᠠᠴᠢᠯᠠᠬᠤ ᠬᠡᠷᠡᠭᠲᠡᠶ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ᠬᠡᠪ ᠵᠠᠩᠰᠢᠯ ᠢ ᠥᠭᠡᠷᠡᠴᠢᠯᠡᠬᠦ᠂ ᠪᠣᠯᠪᠠᠰᠤᠨ ᠪᠥᠭᠡᠳ ᠠᠷᠪᠢᠴᠢ ᠭᠠᠮᠲᠠᠢ ᠦᠢᠯᠡᠳᠦᠯᠭᠡᠵᠢᠭᠦᠯᠦᠭᠴᠢ᠂ ᠰᠠᠨᠠᠭᠠᠴᠢᠯᠠᠭᠴᠢ ᠪᠠ ᠤᠯᠠᠮᠵᠢᠯᠠᠭᠴᠢ ᠪᠤᠯᠵᠤ᠂ ᠥᠷᠭᠡᠨ ᠤᠯᠠᠨ ᠲᠦᠮᠡᠨ ᠢ ᠳᠠᠭᠠᠭᠤᠯᠤᠨ ᠦᠵᠡᠯᠲᠡ ᠪᠠᠨ ᠬᠤᠪᠢᠷᠠᠭᠤᠯᠵᠤ᠂ ᠮᠠᠭᠤ ᠵᠠᠩ ᠳᠠᠳᠬᠠᠯ ᠢ ᠤᠬᠠᠮᠰᠠᠷ ᠠᠴᠠ ᠪᠠᠨ  ᠬᠤᠷᠢᠭᠯᠠᠵᠤ᠂ ᠨᠡᠶᠢᠭᠡᠮ ᠤᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃      ᠲᠤᠯᠤᠭ᠎ᠠ᠂ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠎ᠠ᠃ ᠥᠷᠭᠡᠨ ᠣᠯᠠᠨ ᠠᠷᠠᠳ ᠲᠦᠮᠡᠨ ᠨᠡᠶᠢᠭᠡᠮ ᠤᠨ ᠬᠢᠨᠠᠯᠲᠠ ᠲᠠᠯᠪᠢᠬᠤ ᠪᠠ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠦᠶᠯᠡᠳᠦᠯ ᠢ ᠢᠳᠡᠪᠬᠢᠲᠡᠶ ᠪᠠᠳᠠᠷᠠᠭᠤᠯᠵᠤ᠂ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠦᠰ ᠤᠨ ᠰᠦᠪᠡᠭᠴᠢ ᠶᠢ ᠣᠯᠵᠤ ᠮᠡᠳᠡᠪᠡᠯ᠂ ᠴᠠᠭ ᠲᠤᠬᠠᠶ ᠳᠤᠨᠢ ᠭᠠᠴᠠᠭ᠎ᠠ ᠲᠣᠰᠬᠤᠨ ( ᠨᠡᠶᠢᠭᠡᠮ ᠲᠣᠭᠤᠷᠢᠭ )   ᠳᠤ ᠢᠯᠡᠴᠢᠯᠡᠨ ᠮᠡᠳᠡᠭᠦᠯᠵᠦ᠂ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠪᠥᠭᠡᠳ ᠮᠡᠳᠡᠭᠦᠯᠬᠦ ᠥᠬᠡᠶ ᠨᠢᠭᠤᠭᠰᠠᠨ ᠪᠤᠶᠤ ᠪᠠᠶᠢᠴᠠᠭᠠᠵᠤ ᠣᠷᠬᠢᠭᠳᠠᠭᠤᠯᠤᠭᠰᠠᠨ ᠬᠥᠮᠦᠰ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠪᠠᠯ᠂ ᠢᠯᠡᠴᠢᠯᠡᠨ ᠮᠡᠳᠡᠭᠦᠯᠦᠭᠴᠢ  ᠳᠤ 500 ᠲᠥᠭᠦᠷᠢᠭ ᠱᠠᠩᠨᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠠᠷᠲᠠᠶ ᠪᠠᠶᠢᠪᠠᠯ᠂ ᠢᠯᠡᠴᠢᠯᠡᠨ ᠮᠡᠳᠡᠭᠦᠯᠦᠭᠴᠢ  ᠳᠤ 5000 ᠲᠥᠭᠦᠷᠢᠭ ᠱᠠᠩᠨᠠᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ  ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠃                         ᠤᠷᠠᠳ   ᠤᠨ ᠡᠮᠦᠨᠡᠲᠦ ᠬᠤᠰᠢᠭᠤᠨ   ᠤ ᠰᠢᠨ᠎ᠡ ᠲᠢᠲᠢᠮᠯᠢᠭ ᠠᠭᠤᠰᠬᠢᠨ                           ᠦᠷᠪᠢᠰᠦᠯ ᠢ ᠰᠡᠷᠭᠡᠶᠢᠯᠡᠨ  ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                        2021 ᠣᠨ ᠤ 1 ᠰᠠᠷ᠎ᠠ ᠶᠢᠨ 10   ᠤ ᠡᠳᠦᠷ
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号