ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠡᠮᠦᠨᠡᠲᠦ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠤᠳᠠᠭᠠᠨ ᠤ  ᠪᠦᠬᠦ ᠭᠡᠰᠢᠭᠦᠳ ᠤᠨ︵ᠦᠷᠭᠡᠳᠬᠡᠭᠰᠡᠨ︶ ᠬᠤᠷᠠᠯ ᠤᠨ ᠠᠯᠪᠠᠨ ᠮᠡᠳᠡᠭᠡ ( ᠲᠥᠰᠦᠯ )
ᠨᠡᠶᠢᠲᠡᠯᠡᠭᠰᠡᠨ ᠴᠠᠭ᠄
2021/1/12
      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠠᠳ ᠤᠨ ᠡᠮᠦᠨᠡᠲᠦ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠤᠳᠠᠭᠠᠨ ᠤ ᠪᠦᠬᠦ ᠬᠡᠰᠢᠭᠦᠳ ᠤᠨ ( ᠥᠷᠭᠡᠳᠬᠡᠭᠰᠡᠨ ) ᠬᠤᠷᠠᠯ 2020 ᠣᠨ ᠤ 12 ᠰᠠᠷ᠎ᠠ ᠶᠢᠨ 30 ᠤ ᠡᠳᠦᠷ ᠠᠴᠠ 31 ᠤ ᠡᠳᠦᠷ ᠪᠤᠯᠳᠠᠯ᠎ᠠ ᠠᠮᠵᠢᠯᠳᠠᠳᠠᠢ ᠪᠠᠷ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ 23 ᠭᠡᠰᠢᠭᠦᠨ᠂ 3 ᠣᠷᠣᠯᠠᠭᠴᠢ ᠭᠡᠰᠢᠭᠦᠨ ᠬᠤᠷᠠᠯ ᠳᠤ ᠣᠷᠣᠯᠴᠠᠪᠠ᠃ ᠬᠤᠰᠢᠭᠤᠨ ᠤ ᠱᠠᠳᠤᠨ ᠤ ᠤᠳᠤᠷᠢᠳᠬᠤ ᠨᠥᠬᠦᠳ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠬᠠᠮᠢᠶ᠎ᠠ ᠪᠥᠬᠦᠶ ᠲᠠᠯ᠎ᠠ  ᠶᠢᠨ ᠬᠠᠷᠢᠭᠤᠴᠠᠯᠭᠠᠲᠠᠨ ᠨᠥᠬᠦᠳ ᠵᠢᠴᠢ ᠣᠨᠴᠠ ᠤᠷᠢᠭᠰᠠᠨ ᠬᠥᠮᠦᠰ ᠬᠤᠷᠠᠯ ᠳᠤ ᠰᠤᠯᠠ ᠣᠷᠣᠯᠴᠠᠪᠠ᠃       ᠬᠤᠷᠠᠯᠳᠤᠭᠠᠨ ᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠴᠧᠨ ᠭᠦᠩ ᠮᠢᠩ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠬᠤᠷᠢᠶᠠᠨ ᠤ ᠡᠮᠦᠨ᠎ᠡ ᠠᠴᠠ ︿︿ᠰᠢᠨ᠎ᠡ ᠬᠠᠷᠠᠯᠲᠠ ᠶᠢ ᠬᠠᠷᠠᠭᠠᠯᠠᠨ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠠᠶᠠᠯᠠᠯ ᠢ ᠴᠢᠷᠮᠠᠶᠢᠨ ᠡᠬᠢᠯᠡᠭᠦᠯᠦᠶ᠎ᠡ﹀﹀  ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠭᠰᠡᠨ ᠪᠥᠭᠡᠳ ︿︿ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠳᠤᠮᠳᠠᠳᠤ ᠤᠯᠤᠰ  ᠤᠨ ᠡᠪ ᠬᠠᠮᠲᠤ ᠨᠠᠮ ᠤᠨ ᠤᠷᠠᠳ ᠤᠨ ᠡᠮᠦᠨᠡᠲᠦ ᠬᠤᠰᠢᠭᠤᠨ ᠤ ᠬᠤᠷᠢᠶᠠᠨ ᠤ ᠰᠠᠨᠠᠭᠤᠯᠭ᠎ᠠ ( ᠲᠦᠰᠦᠯ )﹀﹀ ᠶᠢᠨ ᠲᠤᠬᠠᠢ ᠲᠣᠳᠣᠷᠬᠠᠶᠢᠯᠠᠯᠲᠠ ᠬᠢᠵᠡᠢ᠃ ᠬᠤᠷᠠᠯ ᠠᠴᠠ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠲᠥᠯᠥᠪᠵᠢᠭᠦᠯᠭᠡ ᠶᠢᠨ ᠰᠠᠨᠠᠭᠤᠯᠭ᠎ᠠ ᠶᠢ ᠬᠢᠨᠠᠨ ᠵᠥᠪᠯᠡᠵᠦ ᠪᠠᠲᠤᠯᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠰᠣᠶᠣᠯᠲᠤ ᠳ᠋ᠦᠩᠨᠡᠯᠲᠡ  ᠶᠢᠨ ᠶᠠᠷᠢᠶ᠎ᠠ ᠲᠠᠯᠪᠢᠪᠠ᠃      ᠬᠤᠷᠠᠯ ᠠᠴᠠ 2020 ᠣᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠭᠦᠶᠴᠡᠳ ᠨᠤᠲᠠᠯᠠᠪᠠ᠃ ᠪᠦᠬᠦᠳᠡᠭᠡᠷ ᠢᠶᠠᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤ ᠨᠠᠮ ᠤᠨ ᠬᠤᠷᠢᠶ᠎ᠠ ᠨᠢ ᠪᠥᠬᠦ ᠬᠤᠰᠢᠭᠤᠨ ᠤ ᠦᠨᠳᠦᠰᠦᠲᠡᠨ  ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂  ᠪᠡᠷᠬᠡ ᠴᠠᠭ ᠢ ᠬᠠᠮᠲᠤ ᠪᠠᠷ ᠳᠤᠭᠤᠯᠵᠤ᠂ ᠬᠦᠴᠢᠷ ᠢ ᠰᠥᠷᠥᠨ ᠤᠷᠤᠭᠰᠢᠯᠠᠵᠤ᠂  ︿︿ᠵᠢᠷᠭᠤᠭ᠎ᠠ ᠶᠢ ᠲᠣᠭᠲᠠᠪᠤᠷᠢᠵᠢᠭᠤᠯᠬᠤ﹀﹀  ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︿︿ᠵᠢᠷᠭᠤᠭ᠎ᠠ ᠶᠢ ᠪᠠᠲᠤᠯᠠᠬᠤ﹀﹀ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠢᠯᠡᠳᠲᠡ ᠳᠤ ᠦᠷ᠎ᠡ ᠪᠦᠲᠦᠮᠵᠢ ᠣᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠶᠳᠪᠦᠷᠢᠲᠦ ᠢᠯᠠᠯᠲᠠ ᠶᠢ ᠣᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠰᠢᠪᠲᠤᠯᠤᠯᠲᠠ ᠲᠠᠢ ᠪᠣᠯᠵᠣ᠂ ᠨᠡᠶᠢᠭᠡᠮ ᠤᠨ ᠠᠷᠠᠳ ᠤᠨ ᠠᠮᠢᠳᠤᠷᠠᠯ ᠢ ᠬᠠᠮᠠᠭᠠᠯᠠᠬᠤ ᠳᠠᠶᠢᠯᠠᠯᠳᠤᠭᠠᠨ ᠡᠯᠪᠡᠭ ᠦᠷ᠎ᠡ ᠪᠦᠲᠦᠭᠡᠯ ᠣᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠬᠢᠯᠡᠯᠳᠡ ᠶᠢᠨ ᠭᠠᠵᠠᠷ ᠤᠨ ᠳᠠᠶᠢᠯᠠᠯᠳᠤᠭᠠᠨ ᠠᠯᠬᠤᠮ ᠠᠯᠬᠤᠮ ᠢᠶᠠᠷ ᠤᠷᠤᠭᠰᠢᠯᠠᠵᠤ᠂ ᠨᠠᠮ ᠢ ᠴᠢᠩᠭ᠎ᠠ ᠵᠠᠰᠠᠬᠤ ᠤᠳᠠᠭᠠᠨ ᠳᠠᠭᠠᠭᠠᠮᠠᠭᠠᠶ ᠳᠠᠶᠢᠯᠠᠯᠳᠤᠭᠠᠨ ᠭᠦᠨᠵᠡᠭᠡᠶᠢᠷᠡᠨ ᠠᠭᠢᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ ᠶᠢ ᠬᠦᠴᠦᠨ ᠲᠠᠢ ᠬᠠᠮᠠᠭᠠᠯᠠᠵᠠᠢ ᠬᠡᠵᠦ ᠦᠵᠡᠪᠡ᠃       ᠬᠤᠷᠠᠯ ᠠᠴᠠ᠂ 2021 ᠣᠨ ᠪᠣᠯ ︿︿ᠠᠷᠪᠠᠨ ᠳᠥᠷᠪᠡᠳᠦᠭᠡᠷ ᠲᠠᠪᠤᠨ ᠵᠢᠯ﹀﹀   ᠤᠨ ᠲᠥᠯᠥᠪᠵᠢᠭᠦᠯᠭᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠡᠬᠢᠯᠡᠯᠲᠡ ᠶᠢᠨ ᠵᠢᠯ ᠪᠣᠯᠤᠨ᠎ᠠ᠂ ᠰᠠᠶᠢᠲᠤᠷ ᠠᠯᠬᠤᠵᠤ᠂ ᠰᠠᠶᠢᠲᠤᠷ ᠰᠢᠢᠳᠪᠦᠷᠢᠯᠡᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠬᠡᠵᠦ ᠵᠢᠭᠠᠵᠤ ᠭᠠᠷᠭᠠᠪᠠ᠃ 2021 ᠣᠨ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠪᠠ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠲᠤᠤᠱᠯᠠᠭᠤᠯᠤᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠶᠯᠡᠳᠦᠯᠭᠡᠵᠢᠭᠦᠯᠵᠤ᠂ ᠡᠷᠡᠰ ᠭᠤᠶᠢᠪᠢᠰᠢ ᠦᠭᠡᠢ ᠪᠠᠷ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠲᠠᠶ ᠬᠥᠭᠵᠢᠯᠲᠡ ᠶᠢᠨ ᠵᠠᠮ   ᠢᠶᠠᠷ ᠡᠷᠡᠰ ᠭᠤᠶᠢᠪᠢᠰᠢ ᠦᠬᠡᠢ ᠶᠠᠪᠤᠵᠤ᠂ ︿︿ᠳᠣᠯᠣᠭᠠᠨ ᠭᠤᠷᠪᠠ﹀﹀   ᠶᠢᠨ ᠬᠥᠭᠵᠢᠯᠲᠡ ᠶᠢᠨ ᠰᠡᠳᠬᠢᠴᠡ ᠪᠠ ︿︿ᠵᠢᠷᠭᠤᠭᠠᠨ ᠣᠷᠣᠨ ᠨᠢᠭᠡ ᠵᠠᠩᠭᠢᠯᠠᠭ᠎ᠠ﹀﹀   ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠤ᠂ ︿︿ᠵᠢᠷᠭᠤᠭ᠎ᠠ ᠶᠢ ᠲᠣᠭᠲᠠᠪᠤᠷᠢᠵᠢᠭᠤᠯᠬᠤ﹀﹀ ᠠᠵᠢᠯ  ᠂ ︿︿ᠵᠢᠷᠭᠤᠭ᠎ᠠ ᠶᠢ ᠪᠠᠲᠤᠯᠠᠬᠤ﹀﹀ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠲᠣᠭᠲᠠᠭᠤᠨ ᠨᠡᠮᠡᠭᠳᠡᠯ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠵᠤᠬᠢᠴᠠᠩᠭᠤᠢ ᠪᠠᠷ ᠠᠬᠢᠭᠤᠯᠵᠤ᠂ ︿︿ᠴᠢᠩᠭ᠎ᠠ ﹀﹀ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ︿︿ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀﹀  ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠬᠦᠯᠦᠨ ᠦᠷᠭᠡᠳᠭᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ︿︿ᠠᠷᠪᠠᠨ ᠳᠥᠷᠪᠡᠳᠦᠭᠡᠷ ᠲᠠᠪᠤᠨ ᠵᠢᠯ﹀﹀   ᠤᠨ ᠲᠥᠯᠥᠪᠵᠢᠭᠦᠯᠭᠡ ᠶᠢ ᠯᠠᠪᠳᠠᠭᠤᠨ ᠪᠠᠲᠤᠲᠠᠶ ᠡᠬᠢᠯᠡᠭᠦᠯᠬᠦ ᠬᠡᠷᠡᠭᠳᠡᠢ᠃       ᠬᠤᠷᠠᠯ ᠠᠴᠠ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠳᠣᠤᠷᠠᠬᠢ ᠲᠠᠪᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ ᠬᠡᠵᠦ  ᠵᠢᠭᠠᠵᠤ ᠭᠠᠷᠭᠠᠪᠠ᠄ ︿︿ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ﹀﹀ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ︔ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠤᠳᠤ ᠦᠶ᠎ᠡ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠲᠦᠷᠭᠡᠪᠴᠢᠯᠡᠨ ᠪᠠᠶᠢᠭᠤᠯᠤᠨ᠎ᠠ︔ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ︔ ᠪᠣᠬᠢᠷᠲᠤᠯ ᠥᠬᠡᠶ  ᠬᠥᠭᠵᠢᠯᠲᠡ ᠶᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ  ᠶᠢ ᠲᠠᠰᠤᠷᠠᠯᠲᠠ ᠥᠬᠡᠶ ᠴᠢᠩᠭᠠᠳᠬᠠᠨ᠎ᠠ︔ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠤᠢ ᠪᠣᠯᠭᠠᠬᠤ ᠶᠢ ᠪᠠᠷᠢᠮᠲᠠᠯᠠᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃       ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ  ᠶᠢᠨ ᠰᠢᠨ᠎ᠡ ᠪᠠᠶᠢᠳᠠᠯ ᠢ ᠡᠭᠦᠳᠬᠦ ᠳᠤ᠂ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠰᠠᠬᠢᠵᠤ ᠬᠠᠷᠢᠭᠤᠴᠠᠯᠭ᠎ᠠ ᠪᠠᠨ ᠭᠦᠢᠴᠡᠳᠬᠡᠵᠦ᠂ ︿︿ᠴᠢᠩᠭ᠎ᠠ﹀﹀  ᠪᠠᠶᠢᠬᠤ ᠭᠤᠣᠯ ᠬᠦᠭ ᠠᠶᠠᠰ ᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ  ᠤᠨ ᠭᠦᠨᠵᠡᠭᠡᠶᠢᠷᠡᠨ ᠬᠥᠭᠵᠢᠬᠦ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ  ᠃ ︿︿ᠬᠤᠶᠠᠷ ᠢ ᠬᠠᠮᠠᠭᠠᠯᠠᠬᠤ﹀﹀ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠶ; ᠣᠶᠤᠨ ᠰᠠᠨᠠᠭ᠎ᠠ ᠶᠢ ᠲᠥᠪᠯᠡᠷᠡᠭᠦᠯᠦᠨ ᠰᠦᠭ ᠰᠦᠨᠡᠰᠦ ᠶᠢ ᠱᠤᠭᠤᠵᠤ᠂ ᠦᠵᠡᠯ ᠰᠠᠨᠠᠭ᠎ᠠ ᠪᠠᠷ ᠨᠠᠮ ᠪᠠᠶᠢᠭᠤᠯᠬᠤ᠂ ᠣᠨᠣᠯ ᠢᠶᠠᠷ ᠨᠠᠮ ᠢ ᠬᠦᠴᠦᠷᠬᠡᠭᠵᠢᠭᠦᠯᠬᠦ ᠶᠢ ᠴᠢᠩᠭ᠎ᠠ ᠠᠳᠬᠤᠬᠤ ᠬᠡᠷᠡᠭᠲᠡᠶ︔ ᠦᠨᠳᠦᠰᠦᠨ ᠱᠠᠲᠤ ᠶᠢ ᠶᠡᠭᠡ ᠪᠠᠷ ᠠᠳᠬᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠲᠤ ᠴᠢᠩᠭ᠎ᠠ ᠬᠦᠴᠦᠲᠡᠶ ᠳᠠᠶᠢᠴᠢᠨ ᠪᠠᠬᠢᠯᠡᠯᠲᠡ ᠶᠢ ᠪᠠᠲᠤ ᠴᠣᠭᠴᠠᠯᠠᠨ᠎ᠠ; ᠡᠷᠳᠡᠮᠲᠡᠨ ᠴᠢᠳᠠᠪᠤᠷᠢᠲᠠᠨ ᠢ ᠰᠣᠩᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠬᠤ ᠶᠢ ᠠᠬᠢᠭᠤᠯᠤᠨ᠎ᠠ︔ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠲᠠᠯ ᠢ ᠰᠠᠶᠢᠵᠢᠷᠠᠭᠤᠯᠬᠤ᠂ ︿︿ᠳᠥᠷᠪᠡᠨ ᠰᠤᠷᠲᠠᠯ﹀﹀ ᠢ ᠵᠠᠯᠠᠷᠠᠭᠤᠯᠬᠤ ᠶᠢ ᠴᠥᠬᠦᠷᠡᠰᠢ ᠥᠬᠡᠶ ᠪᠠᠷᠢᠮᠲᠠᠯᠠᠨ᠎ᠠ︔ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠪᠠᠷ ᠲᠤᠩᠭᠠᠯᠠᠭ ᠤᠯᠤᠰ ᠲᠥᠷᠥ ᠶᠢᠨ ᠠᠮᠢ ᠠᠬᠤᠶ ᠶᠢ ᠬᠠᠮᠠᠭᠠᠯᠠᠵᠤ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ︿︿ᠠᠷᠪᠠᠨ ᠳᠥᠷᠪᠡᠳᠦᠭᠡᠷ ᠲᠠᠪᠤᠨ ᠵᠢᠯ﹀﹀   ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ ᠪᠠᠲᠤᠯᠠᠬᠤ ᠬᠡᠷᠡᠭᠲᠡᠶ  ᠃      ᠬᠤᠷᠠᠯ ᠠᠴᠠ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠬᠤᠭᠤᠴᠠᠭᠠᠨ ᠳᠤ᠂ ᠮᠠᠨ ᠤ ᠬᠤᠰᠢᠭᠤᠨ ᠤ ᠬᠥᠭᠵᠢᠯᠲᠡ ᠮᠥᠨ ᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠬᠥᠭᠵᠢᠯᠲᠡ ᠶᠢᠨ ᠶᠡᠭᠡ ᠬᠠᠨᠳᠤᠰᠢ ᠶᠢ ᠬᠤᠪᠢᠰᠤᠩᠭᠤᠶ ᠪᠠᠷ ᠲᠠᠨᠢᠨ ᠡᠵᠡᠮᠳᠡᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠭᠦᠨᠵᠡᠭᠡᠶ ᠲᠠᠨᠢᠵᠤ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠪᠠᠶᠠᠯᠢᠭ ᠠᠭᠤᠯᠤᠭᠳᠠᠬᠤᠨ ᠪᠠ ᠦᠶᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠬᠢᠮᠤᠷᠠᠯ ᠤᠨ ᠳᠤᠮᠳᠠ ᠠᠵᠠ ᠲᠣᠬᠢᠶᠠᠯ ᠢ ᠠᠮᠵᠢᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠬᠦ ᠳᠡᠭᠡᠨ ᠴᠢᠳᠠᠮᠠᠭᠠᠶ ᠪᠠᠶᠢᠬᠤ ᠬᠡᠷᠡᠭᠲᠡᠶ ᠵᠢᠭᠠᠵᠤ ᠭᠠᠷᠭᠠᠪᠠ᠃       ᠬᠤᠷᠠᠯ ᠠᠴᠠ  2035 ᠣᠨ ᠤ ᠠᠯᠤᠰ ᠤᠨ ᠬᠠᠷᠠᠯᠲᠠ ᠶᠢ ᠳᠤᠷᠠᠳᠴᠠᠢ᠄ 2035 ᠣᠨ ᠪᠣᠯᠬᠤ ᠳᠤ᠂ ᠤᠷᠠᠳ ᠤᠨ ᠡᠮᠦᠨᠡᠲᠦ ᠬᠤᠰᠢᠭᠤ ᠨᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠣᠯᠤᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠶᠢ ᠲᠠᠬᠢᠨ ᠰᠢᠨ᠎ᠡ ᠳᠡᠭᠲᠡᠷ ᠲᠤ ᠭᠠᠷᠭᠠᠵᠤ᠂ ᠬᠥᠮᠦᠨ ᠳᠤᠮᠳᠠᠴᠢ ᠶᠢᠨ ᠣᠷᠣᠨ ᠨᠤᠳᠤᠭ  ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠭᠤᠯᠵᠤ᠂ ᠪᠦᠬᠦ ᠣᠷᠣᠨ ᠤ ᠲᠡᠷᠢᠭᠦᠨ ᠤ ᠲᠦᠪᠰᠢᠨ ᠳᠤ ᠬᠦᠷᠭᠡᠬᠦ ᠪᠠᠷ ᠴᠢᠷᠮᠠᠶᠢᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠠ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠵᠦ᠂ ᠭᠠᠵᠠᠷ ᠣᠷᠣᠨ ᠤ ᠣᠨᠴᠠᠯᠢᠭ ᠪᠣᠯᠤᠨ ᠳᠠᠪᠠᠭᠤᠯᠢᠭ ᠲᠠᠢ ᠣᠳᠣᠬᠢᠴᠢᠯᠠᠭᠰᠠᠨ ᠠᠵᠤ ᠠᠬᠤᠢ ᠶᠢᠨ ᠲᠤᠭᠳᠠᠯᠴᠠᠭ᠎ᠠ ᠶᠢ ᠪᠠᠶᠢᠭᠤᠯᠤᠨ᠎ᠠ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠡᠯ᠎ᠡ ᠵᠦᠢᠯ   ᠤᠨ ᠨᠡᠶᠢᠭᠡᠮ ᠠᠷᠠᠳ   ᠤᠨ ᠠᠮᠢᠳᠤᠷᠠᠯ ᠤᠨ ᠦᠢᠯᠡᠰ   ᠤᠨ ᠬᠥᠭᠵᠢᠯᠲᠡ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠡᠭᠡᠭᠦᠷ ᠪᠠᠶᠢᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠢ ᠲᠡᠩᠴᠡᠬᠦᠷᠢᠰᠢᠬᠦᠯᠬᠦ ᠶᠢ ᠪᠡᠶᠡᠯᠡᠭᠦᠯᠵᠦ᠂ ᠬᠤᠳᠠ ᠬᠥᠳᠡᠭᠡ ᠶᠢᠨ ᠬᠥᠭᠵᠢᠯᠲᠡ  ᠶᠢᠨ ᠵᠥᠷᠢᠶ᠎ᠡ ᠪᠣᠯᠤᠨ ᠰᠠᠭᠤᠭᠠᠯᠢ ᠠᠷᠠᠳ ᠣᠨ ᠠᠮᠢᠳᠤᠷᠠᠯ ᠤᠨ ᠬᠢᠷᠢ ᠬᠡᠮᠵᠢᠶ᠎ᠡ ᠶᠢᠨ ᠵᠥᠷᠢᠶ᠎ᠡ ᠢᠯᠡᠷᠬᠡᠢ ᠪᠠᠭᠠᠰᠴᠤ ᠂ ᠠᠷᠠᠳ ᠢᠷᠭᠡᠳ ᠤᠨ ᠬᠡᠪ ᠴᠢᠨᠠᠷ ᠪᠣᠯᠤᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠰᠢᠨ᠎ᠡ ᠳᠡᠭᠡᠳᠦ ᠬᠡᠮᠵᠢᠶᠡᠨ ᠳᠤ ᠬᠦᠷᠴᠦ᠂ ᠭᠠᠵᠠᠷ ᠣᠷᠣᠨ ᠤ ᠰᠣᠶᠣᠯ ᠤᠨ ᠵᠥᠭᠡᠯᠡᠨ ᠪᠣᠳᠠᠲᠤ ᠬᠦᠴᠦᠨ᠂ ᠨᠥᠯᠥᠭᠡᠯᠡᠬᠦ ᠬᠦᠴᠦᠨ ᠢᠯᠡᠳᠲᠡ ᠴᠢᠩᠭᠠᠷᠠᠪᠠ᠃ ᠵᠠᠰᠠᠯᠲᠠ ᠶᠢᠨ ᠲᠤᠭᠳᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠬᠠᠤᠯᠢᠵᠢᠯ ᠤᠨ ᠡᠮᠦᠨᠡᠲᠦ ᠬᠤᠰᠢᠭᠤ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠠ᠃ ᠠᠮᠢ ᠠᠬᠤᠶ ᠶᠢᠨ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠵᠤ᠂ ᠤᠯᠢᠶᠠᠰᠤ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠪᠡᠶᠡᠯᠡᠬᠦᠯᠦᠨ᠎ᠡ᠃ ᠠᠷᠠᠳ ᠲᠦᠮᠡᠨ ᠤ ᠡᠷᠬᠡ ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠥᠭᠵᠢᠬᠦ ᠡᠷᠬᠡ ᠭᠦᠢᠴᠡᠳ ᠪᠠᠲᠤᠯᠠᠭ᠎ᠠ ᠲᠠᠢ ᠪᠤᠯᠵᠤ᠂ ᠠᠷᠠᠳ ᠤᠨ ᠠᠮᠢᠳᠤᠷᠠᠯ ᠨᠡᠩ ᠰᠠᠶᠢᠨ ᠰᠠᠶᠢᠬᠠᠨ ᠪᠤᠯᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠣᠯᠪᠠ᠃       ᠬᠤᠷᠠᠯ ᠠᠴᠠ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠢ ᠳᠤᠷᠠᠳᠪᠠ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ  ᠭᠤᠷᠪᠠᠳᠤᠭᠠᠷ ᠲᠦᠷᠪᠡᠳᠦᠭᠡᠷ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ︿︿ᠲᠠᠪᠤ ᠶᠢ ᠨᠢᠭᠡ ᠴᠤᠭᠴᠠᠵᠢᠭᠤᠯᠬᠤ﹀﹀  ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠵᠤ᠂ ︿︿ᠳᠥᠷᠪᠡᠨ ᠪᠥᠬᠦ ᠲᠠᠯ᠎ᠠ﹀﹀   ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ  ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠳᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ  ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠤᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠤᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ  ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠤᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ  ᠲᠦᠯᠦᠪᠵᠢᠬᠦᠯᠦᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠪᠠᠷ ᠵᠠᠮᠨᠠᠵᠤ᠂ ᠤᠳᠤ ᠦᠶ᠎ᠡ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠲᠦᠷᠭᠡᠪᠴᠢᠯᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠨ᠂ ᠵᠠᠰᠠᠯᠲᠠ ᠶᠢᠨ ᠲᠤᠭᠳᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠠᠵᠤ ᠠᠬᠤᠢ ᠶᠢᠨ ᠲᠣᠭᠲᠠᠭᠤᠨ ᠬᠥᠭᠵᠢᠯᠲᠡ ᠶᠢ ᠪᠡᠶᠡᠯᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠨᠡᠶᠢᠭᠡᠮ ᠤᠨ ᠪᠣᠯᠪᠠᠰᠤᠨ ᠤ ᠡᠶ᠎ᠡ ᠵᠣᠬᠢᠴᠠᠯ᠂ ᠠᠮᠢ ᠠᠬᠤᠶ ᠭᠤᠶᠣ ᠲᠣᠬᠢᠯᠢᠭ ᠢ ᠪᠡᠶᠡᠯᠡᠭᠦᠯᠦᠨ᠂ ᠣᠳᠣᠬᠢᠴᠢᠯᠠᠭᠰᠠᠨ ᠤᠷᠠᠳ ᠤᠨ ᠡᠮᠦᠨᠡᠲᠦ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ  ᠪᠤᠯᠭᠠᠵᠤ᠂ ᠰᠠᠶᠢᠬᠠᠨ ᠠᠯᠬᠤᠨ᠎ᠠ᠃       ᠬᠤᠷᠠᠯ ᠠᠴᠠ ︿︿ᠠᠷᠪᠠᠨ ᠳᠥᠷᠪᠡᠳᠦᠭᠡᠷ ᠲᠠᠪᠤᠨ ᠵᠢᠯ﹀﹀   ᠤᠨ ᠬᠤᠭᠤᠴᠠᠭᠠᠨ ᠤ ᠠᠵᠤ ᠠᠬᠤᠶ ᠨᠡᠶᠢᠭᠡᠮ  ᠤᠨ ᠬᠥᠭᠵᠢᠯᠲᠡ ᠶᠢᠨ ᠦᠨᠳᠦᠰᠦᠨ ᠵᠠᠷᠴᠢᠮ ᠪᠣᠯᠤᠨ ᠭᠤᠤᠯ ᠬᠠᠷᠠᠯᠲᠠ ᠶᠢ ᠳᠤᠷᠠᠳᠴᠠᠶ᠄ ᠨᠠᠮ ᠤᠨ ᠪᠥᠬᠦ ᠲᠠᠯ᠎ᠠ  ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠰᠢᠰᠲ᠋ᠧᠮ᠂ ᠬᠤᠷᠢᠭ᠎ᠠ ᠱᠤᠭᠤᠮ᠂ ᠣᠨᠣᠴᠠᠲᠠᠶ ᠰᠡᠳᠬᠢᠬᠦᠶ ᠶᠢ ᠪᠠᠷᠢᠮᠲᠠᠯᠠᠬᠤ ᠬᠡᠷᠡᠭᠲᠡᠶ᠃ ᠴᠢᠷᠮᠠᠶᠢᠯᠭ᠎ᠠ  ᠪᠠᠷ ᠳᠠᠮᠵᠢᠨ᠂ ᠪᠠᠷᠠᠭᠤᠨ ᠬᠡᠰᠡᠭ ᠤᠨ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ  ᠶᠢᠨ ᠬᠥᠭᠵᠢᠯᠲᠡ ᠶᠢᠨ ᠤᠷᠢᠳᠠᠪᠠᠷ ᠬᠡᠷᠡᠭᠵᠢᠭᠦᠯᠬᠦ ᠣᠷᠣᠨ᠂ ᠰᠢᠨ᠎ᠡ ᠪᠠᠷ ᠪᠤᠢ ᠪᠣᠯᠤᠭᠰᠠᠨ ᠠᠵᠤ ᠦᠶᠯᠡᠳᠪᠦᠷᠢ ᠶᠢᠨ ᠲᠥᠪᠯᠡᠷᠡᠭᠰᠡᠨ ᠣᠷᠣᠨ᠂ ᠣᠳᠣ ᠦᠶ᠎ᠡ ᠶᠢᠨ ᠦᠶᠯᠡᠴᠢᠯᠡᠭᠡᠨ ᠤ ᠦᠢᠯᠡᠰ ᠤᠨ ᠠᠮᠢᠵᠢᠷᠠᠯ ᠤᠨ ᠬᠦᠴᠦᠨ ᠤ ᠣᠷᠣᠨ᠂ ᠰᠢᠶᠠᠨ ᠤ ᠬᠡᠪᠴᠢᠶᠡᠨ ᠤ ᠬᠤᠲᠠ ᠶᠢ ᠪᠠᠶᠢᠭᠤᠯᠤᠨ ᠬᠠᠮᠢᠶᠠᠷᠬᠤ ᠵᠠᠭᠪᠤᠷ ᠣᠷᠣᠨ᠂ ᠠᠮᠢᠳᠤᠷᠠᠯ ᠰᠠᠶᠢᠨ ᠰᠠᠶᠢᠬᠠᠨ ᠨᠡᠶᠢᠭᠡᠮ ᠤᠨ ᠡᠶ᠎ᠡ ᠵᠣᠬᠢᠴᠠᠯ ᠲᠠᠢ ᠵᠢᠱᠢᠶᠡᠴᠢ ᠣᠷᠣᠨ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠥᠨ ᠳᠠᠭᠠᠭᠤᠯᠬᠤ ᠣᠷᠣᠨ᠂ ︿︿ᠨᠢᠭᠡ ᠪᠦᠰᠡ ᠨᠢᠭᠡ ᠵᠠᠮ﹀﹀᠂ ᠮᠣᠩᠭᠤᠯ ᠣᠯᠣᠰ ᠲᠤ ᠨᠡᠭᠡᠭᠡᠯᠲᠡ ᠬᠢᠬᠦ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠥᠭᠡᠮᠨᠡᠷᠡᠯ ᠤᠨ ᠬᠠᠮᠵᠢᠯᠴᠠᠨ ᠬᠥᠭᠵᠢᠬᠦ ᠳᠤ ᠭᠦᠨᠵᠡᠭᠡᠶ ᠠᠭᠤᠰᠤᠯᠴᠠᠬᠤ ᠪᠠᠶᠢᠯᠳᠤᠬᠤ ᠪᠣᠳᠣᠯᠭ᠎ᠠ ᠶᠢᠨ ᠬᠦᠶᠰᠦ ᠶᠢ ᠦᠨᠳᠦᠰᠦᠨ ᠳᠡᠭᠡᠨ ᠪᠦᠲᠦᠭᠡᠨ ᠪᠠᠶᠢᠭᠤᠯᠬᠤ ᠬᠡᠷᠡᠭᠲᠡᠶ᠃      ᠬᠤᠷᠠᠯ ᠠᠴᠠ᠂ ︿︿ᠠᠷᠪᠠᠨ ᠳᠥᠷᠪᠡᠳᠦᠭᠡᠷ ᠲᠠᠪᠤᠨ ᠵᠢᠯ﹀﹀   ᠤᠨ ᠬᠤᠭᠤᠴᠠᠭᠠᠨ ᠳᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠳᠣᠤᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ ᠬᠡᠵᠦ ᠵᠢᠭᠠᠵᠤ ᠭᠠᠷᠭᠠᠪᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠵᠠᠭᠪᠤᠷ ᠢ ᠡᠭᠦᠳᠬᠦ ᠬᠡᠷᠡᠭᠲᠡᠶ︔ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠳᠤ ᠦᠶ᠎ᠡ  ᠶᠢᠨ ᠠᠵᠤ ᠦᠢᠯᠡᠰ ᠤᠨ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ︔ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ︔ ᠠᠷᠠᠳ ᠤᠨ ᠠᠮᠢᠳᠤᠷᠠᠯ ᠢ ᠤᠷᠢᠳ ᠢᠶᠠᠷ ᠪᠠᠲᠤᠯᠠᠨ ᠰᠠᠶᠢᠵᠢᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠵᠣᠯ ᠵᠢᠷᠭᠠᠯᠲᠤ ᠰᠠᠶᠢᠨ ᠰᠠᠶᠢᠬᠠᠨ ᠭᠡᠷ ᠣᠷᠣᠨ ᠢ ᠪᠦᠳᠦᠭᠡᠨ ᠪᠠᠶᠢᠭᠤᠯᠬᠤ ᠬᠡᠷᠡᠭᠲᠡᠢ︔ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨᠡᠴᠢᠯᠡᠵᠦ᠂ ᠵᠠᠰᠠᠯᠲᠠ ᠶᠢᠨ ᠲᠤᠭᠳᠠᠯᠴᠠᠭ᠎ᠠ ᠶᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ︔ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠤᠨ ᠠᠮᠢᠵᠢᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ᠃      ᠬᠤᠷᠠᠯ ᠠᠴᠠ᠂ ︿︿ᠠᠷᠪᠠᠨ ᠳᠥᠷᠪᠡᠳᠦᠭᠡᠷ ᠲᠠᠪᠤᠨ ᠵᠢᠯ﹀﹀   ᠤᠨ ᠲᠥᠯᠥᠪᠵᠢᠭᠦᠯᠭᠡ ᠪᠣᠯᠤᠨ 2035 ᠣᠨ  ᠤ ᠠᠯᠤᠰ ᠤᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠬᠤᠰᠢᠭᠤ ᠨᠠᠮ ᠤᠨ ᠬᠤᠷᠢᠶᠠᠨ ᠤ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠤᠯᠯᠠᠭᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠡᠳᠬᠢᠯ ᠨᠢᠭᠡᠳᠦᠨ ᠬᠦᠴᠦ  ᠪᠠᠨ ᠬᠠᠮᠲᠤᠳᠬᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠦᠨᠳᠦ ᠡᠭᠦᠷᠭᠡ ᠶᠢ ᠮᠡᠳᠡᠵᠤ ᠬᠦᠨᠳᠦ ᠡᠭᠦᠷᠭᠡ ᠶᠢ ᠡᠭᠦᠷᠭᠡᠯᠡᠵᠦ᠂ ᠪᠦᠯᠬᠦᠮᠳᠡᠨ ᠲᠡᠮᠡᠴᠡᠵᠦ᠂ ᠴᠤᠴᠠᠯᠲᠠ ᠦᠭᠡᠢ ᠤᠷᠤᠭᠰᠢᠯᠠᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠥᠯᠥᠪᠵᠢᠭᠦᠯᠭᠡ ᠶᠢ ᠤᠷᠤᠭᠰᠢᠲᠠᠢ ᠡᠬᠢᠯᠡᠭᠦᠯᠬᠦ ᠳᠤ ᠰᠢᠢᠳᠪᠦᠷᠢᠲᠦ ᠴᠢᠨᠠᠷᠲᠠᠢ ᠰᠠᠭᠤᠷᠢ ᠶᠢ ᠲᠠᠯᠪᠢᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ  ᠶᠢ ᠤᠭᠲᠤᠰᠤᠭᠠᠢ ᠭᠡᠵᠦ ᠤᠷᠢᠶᠠᠯᠠᠪᠠ︕
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号