ᠣᠷᠠᠳ ᠤᠨ ᠡᠮᠦᠨᠡᠲᠤ ᠬᠤᠰᠢᠭᠤᠨ ᠤ ᠡᠷᠳᠡᠨᠢᠪᠤᠯᠠᠭ ᠰᠤᠮᠤ ᠮᠠᠯᠵᠢᠬᠤ ᠲᠠᠷᠢᠶᠠᠯᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠤᠨ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2021/10/18
    10 ᠰᠠᠷ᠎ᠠ ᠶᠢᠨ 14 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠡᠷᠳᠡᠨᠢᠪᠣᠯᠠᠭ ᠰᠤᠮᠤᠨ ᠳᠤ ᠬᠦᠷᠴᠦ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠮᠠᠯᠵᠢᠬᠤ ᠲᠠᠷᠢᠶᠠᠯᠠᠬᠤ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠤᠨ ᠲᠠᠶᠢᠯᠤᠮᠵᠢ ᠬᠢᠪᠠ᠃     ᠪᠣᠯᠪᠠᠰᠣᠷᠠᠯ ᠤᠨ ᠬᠤᠷᠠᠯ ᠳᠤ᠂ ᠤᠷᠠᠳ ᠤᠨ ᠡᠮᠦᠨᠡᠲᠦ ᠬᠤᠰᠢᠭᠤᠨ ᠤ  ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ  ᠶᠢᠨ ᠲᠣᠰᠬᠠᠢ ᠮᠡᠷᠭᠡᠵᠢᠯᠲᠡᠨ ᠠᠴᠠ ᠭᠠᠯ ᠤᠨ ᠠᠶᠤᠯ ᠤᠨ ᠬᠤᠤᠷ ᠬᠥᠨᠥᠭᠡᠯ ᠂ ︽ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾᠂ ᠬᠠᠷᠢᠭᠤᠴᠠᠯᠭ᠎ᠠ ᠨᠡᠬᠡᠮᠵᠢᠯᠡᠬᠦ᠂ ᠬᠥᠳᠡᠭᠡ ᠲᠣᠰᠬᠤᠨ ᠤ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠭᠤᠷ ᠢ ᠬᠡᠷᠡᠭᠯᠡᠬᠦ ᠵᠡᠷᠭᠡ ᠣᠯᠠᠨ ᠲᠠᠯ᠎ᠠ ᠠᠴᠠ ᠭᠠᠷᠳᠠᠵᠤ᠂ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠠᠯ ᠤᠨᠲᠠᠷᠠᠭᠠᠬᠤ ᠦᠵᠡᠯ ᠤᠬᠠᠮᠰᠠᠷ ᠪᠠ ᠭᠠᠯ ᠤᠨᠲᠠᠷᠠᠭᠠᠬᠤ ᠮᠡᠳᠡᠯᠭᠡ ᠪᠠᠷ ᠳᠤᠲᠠᠮᠠᠭ᠂ ᠭᠠᠯ ᠤᠨ ᠠᠶᠣᠯ ᠠᠴᠠ ᠪᠣᠯᠣᠭᠰᠠᠨ ᠬᠦᠨᠳᠦ ᠨᠣᠴᠢᠲᠠᠶ ᠬᠤᠤᠷ ᠬᠥᠨᠥᠭᠡᠯ ᠢ ᠣᠯᠠᠨ ᠳᠤ ᠲᠠᠶᠢᠯᠪᠤᠷᠢᠯᠠᠨ ᠶᠠᠷᠢᠵᠤ᠂  ᠭᠡᠷᠡᠯ ᠵᠢᠷᠤᠭ᠂ ᠸᠢᠳᠢᠣ᠋ ᠪᠠᠷ ᠳᠠᠮᠵᠢᠭᠤᠯᠤᠨ᠂  ᠲᠣᠬᠠᠢ ᠶᠢᠨ ᠲᠠᠯᠠᠪᠠᠢ ᠶᠢᠨ ᠬᠦᠮᠦᠰ ᠲᠤ ᠭᠠᠯ ᠤᠨᠲᠠᠷᠠᠭᠠᠬᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠭᠤᠯᠭ᠎ᠠ ᠨᠢᠭᠡᠴᠡ ᠵᠢᠴᠢ ᠭᠡᠷ ᠪᠦᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠬᠦ   ᠶᠢ ᠰᠡᠷᠡᠮᠵᠢᠯᠡᠭᠦᠯᠪᠡ᠃     ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂  ᠣᠷᠠᠳ ᠤᠨ ᠡᠮᠦᠨᠡᠲᠤ ᠬᠤᠰᠢᠭᠤᠨ ᠤ ᠡᠷᠳᠡᠨᠢᠪᠤᠯᠠᠭ ᠰᠤᠮᠤ  ᠶᠢᠨ  ᠠᠵᠢᠯᠲᠠᠳ ᠭᠠᠯ ᠤᠨ ᠭᠠᠮᠰᠢᠭ ᠠᠴᠠ ᠨᠡᠶᠢᠭᠡᠮ ᠪᠠ ᠬᠡᠷ ᠪᠦᠯᠢ ᠳᠤ ᠤᠴᠠᠷᠠᠭᠤᠯᠤᠭᠰᠠᠨ ᠬᠦᠨᠳᠦ ᠨᠣᠴᠢᠲᠠᠶ ᠬᠤᠤᠷ ᠬᠥᠨᠥᠭᠡᠯ ᠳᠤ ᠨᠠᠩ ᠰᠢᠭᠤᠳ ᠲᠥᠷᠥᠭᠳᠡᠯ ᠲᠠᠢ ᠪᠣᠯᠵᠣ᠂ ᠭᠠᠯ ᠤᠨᠲᠠᠷᠠᠭᠠᠬᠤ ᠶᠢ ᠠᠩᠬᠠᠷᠴᠣ᠂ ᠠᠮᠢ ᠨᠠᠰᠤ ᠶᠢ ᠨᠠᠨᠳᠢᠩᠨᠠᠬᠤ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ᠂ ᠭᠠᠯ ᠤᠨ ᠠᠶᠤᠯ  ᠠᠴᠠ ᠥᠪᠡᠷ ᠢ ᠪᠠᠨ  ᠠᠪᠤᠷᠬᠠᠤ ᠴᠢᠳᠠᠪᠤᠷᠢ ᠵᠢᠴᠢ ᠥᠪᠡᠷ ᠢ ᠪᠠᠨ ᠰᠡᠷᠭᠡᠶᠢᠯᠡᠬᠦ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠠᠶ᠃     ᠣᠷᠠᠳ ᠤᠨ ᠡᠮᠦᠨᠨᠡᠲᠤ ᠬᠤᠰᠢᠭᠤᠨ ᠤ ᠰᠣᠷᠪᠣᠯᠵᠢᠯᠠᠭᠴᠢ   ᠴᠠᠶᠢᠨ᠎ᠠ ᠮᠡᠳᠡᠭᠡᠯᠡᠪᠡ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ