ᠤᠯᠢᠶᠠᠰᠤ ᠨᠠᠭᠤᠷ ᠤᠨ ᠦᠵᠡᠮᠵᠢ ᠶᠢᠨ ᠣᠷᠣᠨ 10 ᠰᠠᠷ᠎ᠠ ᠶᠢᠨ 10 ᠤ ᠡᠳᠦᠷ ᠠᠴᠠ ᠡᠬᠢᠯᠡᠨ ᠡᠵᠡᠩᠨᠡᠯᠲᠡ ᠪᠠᠨ ᠲᠦᠷ ᠵᠣᠭᠰᠣᠭᠠᠨ᠎ᠠ
ᠨᠡᠶᠢᠲᠡᠯᠡᠭᠰᠡᠨ ᠴᠠᠭ᠄
2021/10/18
ᠥᠷᠭᠡᠨ ᠤᠯᠠᠨ ᠵᠤᠭᠠᠴᠠᠭᠴᠢ ᠨᠠᠶᠢᠵᠠ ᠨᠠᠷ ᠡ᠄     ᠤᠯᠢᠶᠠᠰᠤ ᠨᠠᠭᠤᠷ ᠤᠨ ᠦᠵᠡᠮᠵᠢ ᠶᠢᠨ ᠣᠷᠣᠨ ᠤ ᠠᠭᠤᠷ ᠠᠮᠢᠰᠬᠤᠯ ᠰᠡᠷᠢᠭᠦᠨ ᠪᠣᠯᠤᠭᠰᠠᠨ ᠠᠴᠠ ᠦᠵᠡᠮᠵᠢ ᠶᠢᠨ ᠣᠷᠣᠨ ᠤ ᠠᠶᠤᠯᠭᠦᠢ ᠤᠨ ᠵᠥᠪᠯᠡᠯ ᠤᠨ ᠠᠯᠪᠠᠨ ᠭᠡᠷ ᠤᠨ ᠤᠳᠤᠷᠢᠳᠤᠯᠭ᠎ᠠ ᠠᠴᠠ ᠰᠤᠳᠤᠯᠤᠨ ᠲᠣᠭᠲᠠᠭᠠᠭᠰᠠᠨ ᠨᠢ᠂ 2021 ᠣᠨ ᠤ 10 ᠰᠠᠷ᠎ᠠ ᠶᠢᠨ 10 ᠤ ᠡᠳᠦᠷ ᠠᠴᠠ ᠡᠬᠢᠯᠡᠨ ᠭᠠᠳᠠᠭᠠᠳᠤ ᠡᠵᠡᠩᠨᠡᠯᠲᠡ ᠪᠠᠨ ᠲᠦᠷ ᠵᠣᠭᠰᠣᠭᠠᠵᠤ᠂ ᠴᠡᠴᠡᠷᠯᠢᠭ ᠢᠶᠠᠨ ᠬᠠᠭᠠᠬᠤ ᠬᠤᠭᠤᠴᠠᠭᠠᠨ ᠳᠤ ᠠᠯᠢᠪᠠ ᠭᠠᠳᠠᠨ᠎ᠠ ᠠᠴᠠ ᠢᠷᠡᠭᠰᠡᠨ ᠬᠥᠮᠦᠰ ᠤᠨ ᠦᠵᠡᠮᠵᠢ ᠶᠢᠨ ᠣᠷᠣᠨ ᠳᠤ ᠣᠷᠣᠵᠤ ᠠᠵᠢᠯᠯᠠᠭ᠎ᠠ ᠬᠢᠬᠦ ᠶᠢ ᠲᠡᠪᠴᠢᠨ᠎ᠡ᠂ ᠡᠭᠦᠨ ᠠᠴᠠ ᠪᠤᠯᠵᠤ ᠥᠷᠭᠡᠨ ᠤᠯᠠᠨ ᠵᠤᠭᠠᠴᠠᠭᠰᠠᠳ ᠲᠤ ᠳᠥᠭᠦᠮ ᠦᠭᠡᠢ ᠪᠠᠶᠢᠳᠠᠯ ᠢ ᠠᠪᠴᠢᠷᠠᠭᠰᠠᠨ ᠳᠤ ᠠᠭᠤᠴᠢᠯᠠᠬᠤ ᠪᠣᠯᠪᠠᠤ᠃ ᠡᠭᠦᠨ ᠤ ᠬᠠᠮᠲᠤ᠂ ᠡᠯ᠎ᠡ ᠵᠤᠭᠠᠴᠠᠭᠰᠠᠳ ᠤᠨ ᠤᠯᠢᠶᠠᠰᠤ ᠨᠠᠭᠤᠷ ᠤᠨ ᠦᠵᠡᠮᠵᠢ ᠶᠢᠨ ᠣᠷᠣᠨ ᠳᠤ ᠦᠵᠡᠭᠦᠯᠦᠭᠰᠡᠨ ᠳᠡᠮᠵᠢᠯᠭᠡ ᠪᠣᠯᠤᠨ ᠬᠠᠶᠢᠷ᠎ᠠ ᠬᠠᠯᠠᠮᠵᠢ ᠳᠤ ᠲᠠᠯᠠᠷᠬᠠᠵᠤ ᠪᠠᠶᠢᠨ᠎ᠠ᠂ ᠡᠯ᠎ᠡ ᠵᠤᠭᠠᠴᠠᠯ ᠤᠨ ᠺᠣᠮᠫᠠᠨᠢ ᠵᠢᠴᠢ ᠵᠤᠭᠠᠴᠠᠭᠰᠠᠳ ᠤᠨ ᠬᠠᠷᠢᠯᠴᠠᠨ ᠳᠠᠮᠵᠢᠭᠤᠯᠵᠤ ᠮᠡᠳᠡᠭᠳᠡᠬᠦ ᠶᠢ ᠬᠦᠰᠡᠵᠦ ᠪᠠᠶᠢᠨ᠎ᠠ︕         ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ                                     ᠥᠪᠥᠷ ᠮᠣᠩᠭᠤᠯ ᠤᠨ ᠤᠯᠢᠶᠠᠰᠤ ᠨᠠᠭᠤᠷ ᠤᠨ ᠲᠢᠶᠠᠨ                                 ᠰᠢᠩ   ᠵᠢᠭᠤᠯᠴᠢᠯᠠᠯ    ᠤᠨ  ᠬᠢᠵᠠᠭᠠᠷᠲᠤ   ᠺᠣᠮᠫᠠᠨᠢ                                            2021 ᠣᠨ ᠤ 10 ᠰᠠᠷ᠎ᠠ ᠶᠢᠨ 9
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ