ᠡᠷᠳᠡᠨᠢᠪᠤᠯᠠᠭ ᠰᠣᠮᠣ᠄  ︿︿ᠲᠦᠷᠪᠡᠨ ᠴᠢᠩᠭᠠᠷᠠᠭᠤᠯᠤᠯᠳᠠ﹀﹀ ᠪᠠᠷ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠠᠭᠤᠯᠢ ᠶᠢᠨ ᠠᠵᠢᠯ ᠢ ᠬᠠᠤᠯᠢ ᠶᠤᠰᠤᠭᠠᠷ ᠡᠮᠬᠢ ᠵᠢᠷᠤᠮ ᠲᠠᠢ ᠯᠠᠪᠳᠠᠭᠤᠨ ᠶᠠᠪᠤᠭᠳᠠᠬᠤ ᠶᠢ ᠦᠨᠡᠨᠬᠦ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2021/10/20
    ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠠᠭᠤᠯᠢ ᠶᠢᠨ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠡᠷᠳᠡᠨᠢᠪᠤᠯᠠᠭ ᠰᠣᠮᠣ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠯᠢᠭ ᠵᠤᠬᠢᠶᠠᠨ ᠪᠠᠶᠢᠭᠤᠯᠵᠤ᠂ ᠨᠢᠮᠪᠠᠢ ᠲᠤᠬᠢᠷᠠᠭᠤᠯᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂  ᠡᠷᠬᠢᠯᠡᠭᠰᠡᠨ ᠠᠵᠢᠯ ᠤᠨ ᠪᠤᠯᠪᠠᠰᠤᠷᠠᠯ ᠢ ᠴᠢᠩᠭᠠᠷᠠᠭᠤᠯᠬᠤ᠂ ᠤᠬᠠᠭᠤᠯᠬᠤ ᠲᠠᠶᠢᠴᠢᠯᠠᠯᠳᠠ ᠶᠢ ᠴᠢᠩᠭᠠᠷᠠᠭᠤᠯᠬᠤ᠂ ᠱᠠᠭᠠᠷᠳᠠᠨ ᠵᠢᠯᠤᠭᠤᠳᠤᠯᠭ᠎ᠠ ᠶᠢ ᠴᠢᠩᠭᠠᠷᠠᠭᠤᠯᠬᠤ ᠠᠵᠢᠯ ᠤᠨ ᠠᠷᠭ᠎ᠠ ᠪᠠᠷ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠠᠭᠤᠯᠢ ᠶᠢᠨ ᠠᠵᠢᠯ ᠢ ᠯᠠᠪᠳᠠᠭᠤᠨ ᠶᠠᠪᠤᠭᠳᠠᠭᠤᠯᠵᠤ ᠪᠠᠶᠢᠨ᠎ᠠ᠃     ᠲᠠᠷᠠᠭᠠᠴᠢ ᠪᠠᠷ ᠡᠷᠳᠡᠨᠢᠪᠤᠯᠠᠭ ᠰᠤᠮᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠤᠯᠢᠬᠤ ᠰᠤᠩᠭᠠᠭᠤᠯᠢ ᠶᠢᠨ ᠤᠬᠠᠭᠤᠯᠤᠨ ᠲᠠᠶᠢᠴᠢᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠬᠦᠨ ᠵᠤᠵᠠᠭᠠᠨ ᠰᠣᠩᠭᠠᠭᠤᠯᠢ ᠶᠢᠨ ᠠᠭᠤᠷ ᠠᠮᠢᠰᠬᠤᠯ ᠢ ᠪᠤᠢ ᠪᠤᠯᠭᠠᠵᠤ᠂ ᠦᠷᠭᠡᠨ ᠤᠯᠠᠨ ᠰᠤᠩᠭᠠᠭᠤᠯᠢ  ᠶᠢᠨ ᠠᠷᠠᠳ ᠢ ᠢᠳᠡᠪᠬᠢᠳᠡᠢ ᠵᠢᠯᠤᠭᠤᠳᠤᠨ ᠦᠨᠳᠦᠰᠦᠨ ᠱᠠᠳᠣᠨ ᠤ ᠬᠤᠭᠤᠴᠠᠭ᠎ᠠ ᠰᠤᠯᠢᠬᠤ ᠰᠤᠩᠭᠠᠭᠤᠯᠢ ᠳᠤ ᠤᠷᠤᠯᠴᠠᠭᠤᠯᠤᠨ᠎ᠠ︔ ᠲᠡᠭᠦᠨᠴᠢᠯᠡᠨ ᠠᠵᠢᠯ ᠤᠨ ᠪᠠᠳᠤᠯᠠᠭ᠎ᠠ ᠶᠢ ᠦᠷᠬᠦᠯᠵᠢᠯᠡᠨ ᠴᠢᠩᠭᠠᠳᠬᠠᠵᠤ᠂ ᠲᠦᠪ ᠭᠤᠤᠯᠴᠢ ᠬᠤᠭᠤᠴᠠᠭ᠎ᠠ ᠰᠤᠯᠢᠬᠤ ᠰᠤᠩᠭᠠᠭᠤᠯᠢ ᠶᠢᠨ ᠤᠷᠴᠢᠨ ᠲᠤᠭᠤᠷᠢᠨ ᠢ ᠪᠤᠢ ᠪᠤᠯᠭᠠᠵᠤ᠂ ᠬᠤᠭᠤᠴᠠᠭ᠎ᠠ ᠰᠤᠯᠢᠬᠤ ᠰᠤᠩᠭᠠᠭᠤᠯᠢ ᠶᠢᠨ ᠠᠵᠢᠯ ᠤᠨ ᠤᠷᠤᠭᠰᠢᠳᠠᠢ ᠶᠠᠪᠤᠭᠳᠠᠬᠤ ᠶᠢ ᠦᠨᠡᠨᠬᠦ ᠪᠠᠳᠤᠯᠠᠬᠤ ᠪᠠᠷ ᠴᠢᠷᠮᠠᠶᠢᠵᠤ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ