ᠪᠠᠭ᠎ᠠ ᠰᠢᠬᠡᠳᠡᠢ ᠪᠠᠯᠭᠠᠰᠤ ᠬᠢᠵᠢᠭ ᠤᠨ ᠪᠠᠶᠢᠳᠠᠯ ᠢ ᠬᠢᠵᠠᠭᠠᠷᠯᠠᠨ ᠡᠵᠡᠮᠳᠡᠬᠦ ᠠᠷᠭ᠎ᠠ ᠠᠪᠴᠢᠯ  ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ  ᠤ ᠬᠠᠯᠬᠠᠪᠴᠢ ᠶᠢ ᠪᠠᠳᠤ ᠴᠤᠭᠴᠠᠯᠠᠪᠠ
ᠨᠡᠶᠢᠲᠡᠯᠡᠭᠰᠡᠨ ᠴᠠᠭ᠄
2021/10/27
    ᠬᠢᠵᠢᠭ ᠤᠨ ᠪᠠᠶᠢᠳᠠᠯ ᠪᠤᠯ ᠵᠠᠷᠯᠢᠭ᠂ ᠬᠢᠵᠠᠭᠠᠷᠯᠠᠨ ᠡᠵᠡᠮᠳᠡᠬᠦ ᠲᠠᠷᠤᠢ ᠲᠦᠷᠬᠡᠨ ᠪᠤᠯ ᠬᠠᠷᠢᠭᠤᠴᠠᠯᠭ᠎ᠠ ᠶᠤᠮ᠃ ᠤᠳᠤᠬᠠᠨ ᠤ ᠬᠢᠵᠢᠭ ᠤᠨ ᠪᠠᠶᠢᠳᠠᠯ ᠢ ᠬᠢᠵᠠᠭᠠᠷᠯᠠᠨ ᠡᠵᠡᠮᠳᠡᠬᠦ ᠬᠡᠴᠡᠬᠦᠦ ᠪᠠᠶᠢᠳᠠᠯ ᠳᠤ ᠬᠠᠨᠳᠤᠨ᠂ ᠪᠠᠭ᠎ᠠ ᠰᠢᠬᠡᠳᠡᠢ ᠪᠠᠯᠭᠠᠰᠤ ᠲᠠᠷᠤᠢ ᠲᠦᠷᠬᠡᠨ ᠬᠢᠵᠢᠭ ᠤᠨ ᠪᠠᠶᠢᠳᠠᠯ ᠢ ᠬᠢᠵᠠᠭᠠᠷᠯᠠᠨ ᠡᠵᠡᠮᠳᠡᠬᠦ ᠠᠷᠭ᠎ᠠ ᠠᠪᠴᠢᠯ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠬᠢᠵᠢᠭ ᠤᠨ ᠪᠠᠶᠢᠳᠠᠯ ᠢ ᠬᠢᠵᠠᠭᠠᠷᠯᠠᠨ ᠡᠵᠡᠮᠳᠡᠬᠦ  ᠣᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠠᠭᠠᠷᠯᠠᠨ ᠡᠵᠡᠮᠳᠡᠬᠦ ᠠᠮᠤᠷ ᠲᠦᠪᠰᠢᠨ ᠤ ᠬᠤᠷᠢᠭ᠎ᠠ ᠴᠡᠭᠡᠷ ᠢ ᠪᠦᠬᠦ ᠬᠦᠴᠦᠨ ᠢᠶᠠᠷ ᠪᠠᠬᠢᠯᠠᠪᠠ᠃ ᠨᠢᠬᠡ ᠳᠤ ᠲᠠᠷᠤᠢ ᠲᠦᠷᠬᠡᠨ ᠬᠦᠳᠡᠯᠦᠯᠴᠡᠵᠦ᠂ ᠬᠢᠵᠠᠭᠠᠷᠯᠠᠨ ᠡᠵᠡᠮᠳᠡᠬᠦ ᠬᠠᠷᠢᠭᠤᠴᠠᠯᠭ᠎ᠠ ᠶᠢ ᠪᠠᠳᠤᠳᠬᠠᠪᠠ᠃ ᠬᠤᠶᠠᠷ ᠲᠤ ᠤᠨᠤᠪᠴᠢᠳᠠᠢ ᠪᠠᠷ ᠵᠢᠭᠰᠠᠭᠠᠨ ᠪᠠᠶᠢᠴᠠᠭᠠᠵᠤ ᠢᠷᠡᠯᠳᠡ ᠠᠴᠠ ᠨᠢ ᠬᠠᠮᠢᠶᠠᠷᠤᠨ ᠡᠵᠡᠮᠳᠡᠪᠡ᠃ ᠭᠤᠷᠪᠠ ᠳᠤ ᠪᠨᠠᠴᠢᠮ ᠢ ᠠᠷᠭᠠᠴᠠᠭᠠᠬᠤ ᠪᠠᠳᠤᠯᠠᠭ᠎ᠠ ᠶᠢ ᠨᠠᠶᠢᠳᠠᠪᠤᠷᠢᠵᠢᠭᠤᠯᠵᠤ᠂ ᠪᠡᠯᠡᠳᠬᠡᠯ ᠠᠵᠢᠯ ᠢ ᠬᠦᠢᠴᠡᠳ ᠬᠢᠪᠡ  ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ