ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠲᠤ᠄ | ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠭᠡᠮ ᠤᠨ | ᠬᠠᠮᠢᠶᠠᠷᠤᠨ ᠡᠵᠡᠮᠳᠡᠬᠦ ᠳᠤᠭᠤᠶᠢᠯᠠᠩ ᠤᠨ ᠱᠠᠭᠠᠷᠳᠠᠯᠭ᠎ᠠ ᠵᠢᠴᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ ᠢ ᠦᠨᠳᠦᠰᠦᠯᠡᠪᠡᠯ᠂ 10 | ᠰᠠᠷ᠎ᠠ ᠶᠢᠨ 24 ᠤ ᠡᠳᠦᠷ ᠠᠴᠠ ᠡᠬᠢᠯᠡᠨ᠂ ᠪᠥᠬᠦ ᠬᠤᠰᠢᠭᠤᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠴᠥᠮ ᠰᠦᠯᠵᠢᠶᠡᠨ | ᠭᠠᠳᠠᠨᠠᠬᠢ ᠵᠢᠭᠠᠨ ᠰᠤᠷᠭᠠᠯᠲᠠ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠪᠤᠶᠤ ᠬᠠᠮᠲᠤ ᠶᠢᠨ ᠠᠵᠢᠯᠯᠠᠭ᠎ᠠ ᠥᠷᠨᠢᠭᠦᠯᠬᠦ ᠶᠢ ᠲᠦᠷ ᠵᠣᠭᠰᠣᠭᠠᠵᠤ᠂ ᠰᠡᠷᠭᠦᠭᠡᠬᠦ ᠴᠠᠭ ᠢ | ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠦᠨᠳᠦᠰᠦᠯᠡᠨ ᠠᠰ ᠲᠤᠨᠢ ᠮᠡᠳᠡᠭᠳᠡᠨ᠎ᠡ᠃ | ᠰᠤᠷᠭᠠᠨ ᠬᠥᠮᠦᠵᠢᠯ ᠤᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ᠂ ᠬᠠᠤᠯᠢ | ᠬᠡᠷᠡᠭᠵᠢᠭᠦᠯᠦᠯᠲᠡ ᠶᠢᠨ ᠬᠠᠮᠲᠤᠷᠠᠭᠰᠠᠨ ᠪᠠᠶᠢᠴᠠᠭᠠᠯᠲᠠ ᠶᠢ ᠥᠷᠨᠢᠭᠦᠯᠵᠦ᠂ ᠰᠤᠷᠭᠠᠭᠤᠯᠢ ᠶᠢᠨ ᠭᠠᠳᠠᠨᠠᠬᠢ ᠡᠯ᠎ᠡ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ | ᠂ ᠰᠠᠶᠢᠲᠤᠷ ᠨᠠᠶᠢᠳᠠᠪᠤᠷᠢᠵᠢᠭᠤᠯᠤᠭᠰᠠᠨ ᠥᠬᠡᠶ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠡᠯ᠎ᠡ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ | ᠬᠠᠷᠢᠭᠤᠴᠠᠯᠭᠠᠲᠠᠨ ᠨᠠᠷ ᠤᠬᠠᠭᠤᠯᠤᠨ ᠲᠠᠶᠢᠯᠪᠤᠷᠢᠯᠠᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ | ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠶᠢ ᠬᠦᠰᠡᠵᠦ ᠪᠠᠶᠢᠨ᠎ᠠ᠃ | | ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶ᠎ᠠ | 2021 ᠣᠨ ᠤ 10 ᠰᠠᠷ᠎ᠠ ᠶᠢᠨ 24 ᠤ ᠡᠳᠦᠷ |