ᠣᠷᠠᠳ ᠤᠨ ᠡᠮᠥᠨᠡᠲᠣ ᠬᠤᠰᠢᠭᠤᠨ ᠤ ᠰᠠᠭᠠᠳᠠᠭ ᠰᠤᠮᠤ᠄ ᠬᠢᠨᠠᠯᠲᠠ ᠲᠠᠯᠪᠢᠬᠤ ᠡᠭᠦᠷᠭᠡ ᠳᠡᠭᠡᠨ ᠰᠠᠭᠤᠷᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2021/10/28
    ᠣᠶᠢᠷ᠎ᠠ  ᠶᠢᠨ ᠡᠳᠦᠷ ᠲᠤ᠂ ᠥᠪᠡᠷᠲᠡᠭᠡᠨ ᠵᠠᠰᠠᠬᠤ ᠣᠷᠣᠨ ᠤ ᠣᠯᠠᠨ ᠭᠠᠵᠠᠷ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢᠶᠠᠷ ᠣᠨᠣᠰᠢᠯᠠᠭᠳᠠᠭᠰᠠᠨ ᠡᠪᠡᠳᠴᠢᠲᠡᠨ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠪᠣᠯᠣᠭᠰᠠᠨ  ᠪᠠᠶᠢᠨ᠎ᠠ᠃ ᠣᠳᠣᠬᠠᠨ ᠤ ᠰᠢᠨ᠎ᠡ ᠨᠢᠭᠡ ᠡᠭᠡᠯᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠪᠠᠶᠢᠳᠠᠯ  ᠳᠤ᠂ ᠣᠷᠠᠳ ᠤᠨ ᠡᠮᠥᠨᠡᠲᠣ ᠬᠤᠰᠢᠭᠤᠨ ᠤ ᠰᠠᠭᠠᠳᠠᠭ ᠰᠣᠮᠣ ᠶᠢᠨ ᠬᠢᠨ ᠳᠠᠷᠤᠶ ᠲᠦᠷᠭᠡᠨ  ᠬᠦᠳᠦᠯᠦᠯᠴᠡᠵᠦ᠂ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂  ᠴᠢᠩᠭ᠎ᠠ ᠬᠢᠨᠠᠯᠲᠠ ᠲᠠᠯᠪᠢᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠪᠠᠶᠢᠨ᠎ᠠ᠃    ᠣᠷᠠᠳ ᠤᠨ ᠡᠮᠥᠨᠡᠲᠣ ᠬᠤᠰᠢᠭᠤᠨ ᠤ ᠰᠠᠭᠠᠳᠠᠭ ᠰᠤᠮᠤ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠦᠨᠳᠦᠰᠦᠯᠡᠨ ᠳᠠᠷᠦ᠋ᠢᠬᠠᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠢᠯᠡ ᠪᠠᠷ ᠪᠠᠶᠢᠴᠠᠭᠠᠵᠤ ᠳᠠᠯᠳᠠᠭᠤᠷ ᠰᠣᠷᠪᠣᠯᠵᠢᠯᠠᠨ ᠪᠦᠬᠦ ᠰᠤᠮᠤ ᠶᠢᠨ ᠡᠯ᠎ᠡ ᠭᠠᠴᠠᠭ᠎ᠠ ᠶᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢ  ᠴᠢᠩᠭᠠᠳᠬᠠᠵᠤ ᠪᠠᠶᠢᠬᠤ ᠪᠠᠷ ᠪᠠᠷᠠᠬᠤ ᠦᠭᠡᠢ ᠪᠠᠰᠠ ᠡᠯ᠎ᠡ ᠭᠠᠴᠠᠭᠠᠨ ᠤ ᠬᠠᠷᠢᠶ᠎ᠠ ᠣᠷᠣᠨ ᠳᠣᠲᠣᠷᠠᠬᠢ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠴᠡᠭ᠂ ᠶᠡᠷᠦᠩᠬᠡᠶᠢᠯᠡᠭᠰᠡᠨ ᠳᠡᠯᠭᠡᠭᠦᠷ᠂ ᠲᠦᠷᠭᠡᠨ ᠬᠦᠷᠭᠡᠬᠦ ᠴᠡᠭ ᠵᠡᠷᠭᠡ ᠶᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ  ᠪᠠᠲᠤᠯᠠᠵᠤ ᠪᠠᠶᠢᠨ᠎ᠠ᠃    ᠣᠷᠠᠳ ᠤᠨ ᠡᠮᠥᠨᠡᠲᠣ ᠬᠤᠰᠢᠭᠤᠨ ᠤ ᠰᠠᠭᠠᠳᠠᠭ ᠰᠤᠮᠤ  ᠶᠢᠨ ᠬᠢᠨ ᠸᠢᠴᠠᠲ ᠤᠨ ᠴᠤᠭᠯᠠᠷᠠᠯ ᠢᠶᠠᠷ ᠳᠠᠮᠵᠢᠭᠤᠯᠤᠨ ᠨᠡᠶᠢᠲᠡᠯᠢᠭ ᠬᠡᠷᠡᠭ ᠢ ᠵᠠᠷᠯᠠᠨ ᠮᠡᠳᠡᠭᠳᠡᠵᠦ᠂ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠨ᠂ ᠡᠯ᠎ᠡ ᠲᠠᠯ᠎ᠠ ᠶᠢᠨ  ᠦᠢᠯᠡᠳᠦᠯ  ᠢᠶᠠᠨ ᠢᠳᠡᠪᠬᠢᠲᠡᠶ ᠪᠠᠳᠠᠷᠠᠭᠤᠯᠬᠤ ᠶᠢ  ᠱᠠᠭᠠᠷᠳᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠣ ᠨᠢᠭᠲᠠ ᠣᠶᠢᠷᠠᠲᠤᠭᠰᠠᠳ ᠢ ᠡᠷᠢᠬᠦ ᠮᠡᠳᠡᠭᠡ ᠵᠠᠩᠭᠢ ᠶᠢ ᠢᠳᠡᠪᠬᠢᠲᠡᠶ ᠳᠠᠮᠵᠢᠭᠤᠯᠬᠤ ᠶᠢᠨ ᠬᠠᠮᠲᠤ ᠲᠣᠰ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠠᠷᠪᠠ ᠶᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠣᠰᠣᠭᠠᠷ᠂ ᠪᠥᠬᠦ ᠰᠤᠮᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ ᠢ ᠵᠥᠪ ᠲᠠᠯ᠎ᠠ ᠠᠴᠠ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠢᠲᠡᠭᠡᠯ ᠵᠣᠷᠢᠭ ᠢ ᠨᠢ ᠦᠨᠡᠨ ᠬᠦ ᠴᠢᠩᠭᠠᠳᠬᠠᠵᠤ᠂ ᠠᠷᠠᠳ ᠤᠨ ᠰᠡᠳᠬᠢᠯ ᠢ ᠨᠢᠭᠲᠠᠷᠠᠭᠤᠯᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠬᠠᠮᠲᠤ ᠪᠠᠷ ᠴᠣᠭᠴᠠᠯᠠᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠣᠷᠠᠳ ᠤᠨ ᠡᠮᠥᠨᠡᠲᠣ ᠬᠤᠰᠢᠭᠤᠨ ᠤ ᠰᠠᠭᠠᠳᠠᠭ ᠰᠤᠮᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠲᠠᠯᠪᠢᠬᠤ ᠠᠵᠢᠯ ᠢ  ᠭᠤᠤᠯᠳᠠᠯᠭ᠎ᠠ ᠲᠠᠢ ᠠᠵᠢᠯ ᠪᠣᠯᠭᠠᠨ ᠠᠳᠬᠤᠵᠤ᠂ ︽ᠠᠷᠪᠠ ᠶᠢ ᠡᠷᠬᠡᠪᠰᠢ ᠪᠣᠳᠠᠲᠠᠶᠢᠵᠢᠭᠤᠯᠬᠤ︾ ᠶᠢ ᠡᠷᠡᠰ ᠨᠠᠶᠢᠳᠠᠪᠣᠷᠢᠵᠢᠭᠤᠯᠣᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤᠮᠳᠠ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠪᠢᠰᠢ᠂ ᠠᠵᠢᠯ ᠬᠢᠬᠦ ᠥᠬᠡᠶ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠵᠡᠷᠭᠡ  ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ  ᠬᠠᠩᠭᠠᠬᠤ ᠪᠠᠷ ᠪᠠᠶᠢᠨ᠎ᠠ                                   ᠣᠷᠠᠳ ᠤᠨ  ᠡᠮᠦᠨᠡᠲᠤ ᠬᠤᠰᠢᠭᠤᠨ ᠤ ᠰᠣᠷᠪᠣᠯᠵᠢᠯᠠᠭᠴᠢ  ᠴᠠᠶᠢᠨ᠎ᠠ ᠮᠡᠳᠡᠭᠡᠯᠡᠪᠡ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ