ᠰᠤᠳᠠᠯ ᠤᠨ ᠬᠤᠳᠳᠤᠭ ᠪᠠᠯᠭᠠᠰᠤ ︽ᠳᠥᠷᠪᠡ ᠶᠢ ᠠᠳᠬᠤᠵᠤ ᠳᠥᠷᠪᠡ ᠶᠢ ᠪᠣᠳᠠᠲᠠᠶᠢᠵᠢᠭᠤᠯᠵᠦ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷ ᠢ ᠯᠠᠪᠳᠠᠭᠤᠨ ᠪᠠᠲᠤᠲᠠᠶ ᠰᠦᠯᠵᠢᠪᠡ
ᠨᠡᠶᠢᠲᠡᠯᠡᠭᠰᠡᠨ ᠴᠠᠭ᠄
2021/11/1
    ᠣᠳᠣᠬᠠᠨ ᠤ ᠬᠦᠨᠳᠦ ᠨᠣᠴᠢᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠤᠨ ᠡᠮᠦᠨ᠎ᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠰᠤᠳᠠᠯ ᠤᠨ ᠬᠤᠳᠳᠤᠭ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠵᠤ᠂ ᠪᠥᠬᠦ ᠲᠠᠯ᠎ᠠ ᠪᠠᠷ ᠪᠠᠶᠢᠷᠢᠯᠠᠭᠤᠯᠤᠨ ᠳᠠᠶᠢᠴᠢᠯᠠᠵᠤ᠂ ᠭᠤᠤᠯᠳᠠᠭᠤ ᠰᠡᠷᠭᠡᠶᠢᠯᠡᠬᠦ᠂ ᠡᠵᠡᠮᠳᠡᠬᠦ ᠬᠤᠶᠠᠷ ᠭᠤᠭᠴᠤᠭ᠎ᠠ ᠶᠢᠨ ᠲᠣᠭᠤᠷᠢᠨ ᠳᠤ᠂ ︽ᠳᠥᠷᠪᠡ ᠶᠢ ᠠᠳᠬᠤᠵᠤ ᠳᠥᠷᠪᠡ ᠶᠢ ᠪᠣᠳᠠᠲᠠᠶᠢᠵᠢᠭᠤᠯᠬᠤ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷ ᠢ ᠯᠠᠪᠳᠠᠭᠤᠨ ᠪᠠᠲᠤᠲᠠᠶ ᠰᠦᠯᠵᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃    ᠨᠢᠬᠡ ᠳᠤ  ᠂ ᠤᠳᠤᠷᠢᠳᠤᠯᠭ᠎ᠠ ᠶᠢᠨ ᠵᠤᠬᠢᠶᠠᠨ ᠪᠠᠶᠢᠭᠤᠯᠤᠯᠳᠠ ᠶᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠡᠨᠬᠦ ᠪᠠᠳᠤᠯᠠᠪᠠ ᠃ ᠬᠤᠶᠠᠷ ᠲᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠬᠥᠮᠦᠰ ᠤᠨ ᠪᠠᠶᠢᠳᠠᠯ ᠢ ᠤᠶᠢᠯᠠᠭᠠᠨ ᠵᠢᠭᠰᠠᠭᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠦᠨᠡᠨ ᠬᠦ ᠪᠠᠳᠤᠯᠠᠪᠠ᠃ ᠭᠤᠷᠪᠠ ᠳᠤ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠠᠳᠬᠤᠵᠤ᠂ ᠣᠯᠠᠨ ᠲᠦᠮᠡᠨ ᠤ ᠲᠠᠨᠢᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠳᠤᠯᠠᠪᠠ᠃  
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ