ᠮᠢᠩᠭᠠᠨ ᠪᠠᠯᠭᠠᠰᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠬᠦᠨᠵᠡᠬᠡᠢ ᠦᠷᠨᠢᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2021/11/1
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠮᠢᠩᠭᠠᠨ ᠪᠠᠯᠭᠠᠰᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠪᠣᠯᠤᠨ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠤᠨ ᠬᠤᠰᠢᠭᠤᠴᠢ ᠵᠢᠱᠢᠶᠡᠴᠢ ᠦᠢᠯᠡᠳᠦᠯ ᠢ ᠬᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠣᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠢᠳᠡᠪᠬᠢᠲᠡᠶ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠭᠤᠷᠪᠠ ᠳᠤ ᠠᠩᠬᠠᠷᠤᠯ ᠢᠶᠠᠨ ᠲᠥᠪᠯᠡᠷᠡᠭᠦᠯᠬᠦ︾ ︵ᠭᠤᠷᠪᠠᠨ ᠳᠠᠪᠬᠤᠷᠭ᠎ᠠ ᠳᠤ ᠠᠩᠬᠠᠷᠤᠯ ᠢᠶᠠᠨ ᠲᠥᠪᠯᠡᠷᠡᠭᠦᠯᠬᠦ᠂ ᠲᠠᠪᠤᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠬᠦ᠂ ᠬᠤᠶᠠᠷ ᠹᠷᠣᠨᠲ ᠲᠤ ᠠᠩᠬᠠᠷᠤᠯ ᠢᠶᠠᠨ ᠲᠥᠪᠯᠡᠷᠡᠭᠦᠯᠬᠦ︶ ᠪᠠᠷ ᠠᠵᠢᠯ ᠤᠨ ᠬᠦᠴᠦᠯᠡᠬᠦ ᠴᠡᠭ ᠪᠣᠯᠭᠠᠵᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠬᠥᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ᠂ ᠠᠭᠤᠷ ᠠᠮᠢᠰᠬᠤᠯ ᠢ ᠰᠠᠶᠢᠲᠤᠷ ᠬᠢᠬᠦ ᠪᠠᠷ ᠠᠵᠢᠯ ᠤᠨ ᠲᠤᠰᠤᠯᠲᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠦᠨᠵᠡᠭᠡᠶ ᠥᠷᠨᠢᠭᠦᠯᠬᠦ ᠶᠢ ᠠᠬᠢᠭᠤᠯᠪᠠ᠃     ︽ᠭᠤᠷᠪᠠᠨ ᠳᠠᠪᠬᠤᠷᠭ᠎ᠠ ᠶᠢ ᠪᠣᠳᠠᠲᠠᠶᠢᠵᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠦ ᠂ ᠨᠢᠭᠡᠳᠦᠯᠲᠡᠶ ᠲᠥᠯᠥᠪᠯᠡᠨ ᠵᠢᠯᠤᠭᠤᠳᠪᠠ᠃ ︽ᠲᠠᠪᠤᠨ ᠲᠠᠯ᠎ᠠ ᠪᠠᠷ ᠬᠠᠮᠲᠤᠷᠠᠨ ᠬᠥᠳᠡᠯᠦᠯᠴᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠲᠠᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠪᠠ᠃ ︽ᠬᠤᠶᠠᠷ ᠹᠷᠣᠨᠲ︾ ᠲᠤ ᠠᠩᠬᠠᠷᠤᠯ ᠢᠶᠠᠨ ᠲᠥᠪᠯᠡᠷᠡᠭᠦᠯᠵᠦ᠂ ᠠᠭᠤᠷ ᠠᠮᠢᠰᠬᠤᠯ ᠢ ᠪᠣᠶ ᠪᠣᠯᠭᠠᠬᠤ ᠠᠵᠢᠯ ᠢ ᠰᠠᠶᠢᠲᠤᠷ ᠬᠢᠪᠠ᠃ ︽ᠪᠠᠶᠢᠳᠠᠯ ᠢ ᠲᠣᠳᠣᠷᠬᠠᠶᠢᠯᠠᠨ ᠶᠠᠷᠢᠵᠤ᠂ ᠱᠠᠭᠠᠷᠳᠠᠯᠭ᠎ᠠ ᠶᠢ ᠲᠣᠳᠣᠷᠬᠠᠶᠢᠯᠠᠨ᠂ ᠣᠶᠢᠯᠠᠭᠠᠯᠲᠠ ᠶᠢ ᠤᠯᠬᠤ︾ ᠪᠠᠷ ᠤᠬᠠᠭᠤᠯᠭ᠎ᠠ ᠶᠢᠨ ᠠᠵᠢᠯ ᠤᠨ ᠬᠠᠷᠠᠯᠲᠠ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ︽ᠬᠤᠶᠠᠷ ᠹᠷᠣᠨᠲ︾ ᠢᠶᠠᠷ ᠤᠬᠠᠭᠤᠯᠭ᠎ᠠ ᠶᠢᠨ ᠠᠵᠢᠯ ᠤᠨ ᠭᠠᠷᠳᠠᠴᠠ᠂ ᠰᠦᠯᠵᠢᠶᠡᠨ ᠳᠡᠭᠡᠷᠡᠬᠢ ᠲᠠᠯ᠎ᠠ ᠪᠣᠯᠭᠠᠪᠠ᠃  ᠡᠯ᠎ᠡ ᠲᠣᠰᠬᠤᠨ ᠳᠤᠭᠤᠶᠢᠯᠠᠩ ᠤᠨ ᠣᠷᠣᠵᠤ ᠭᠠᠷᠬᠤ ᠭᠠᠵᠠᠷ ᠵᠡᠷᠭᠡ ᠳᠤ ︽ᠮᠢᠩᠬᠠᠨ ᠪᠠᠯᠭᠠᠰᠤᠨ ᠤ ᠠᠬᠠᠰ ᠵᠠᠬᠠᠰ ᠨᠤᠲᠤᠭ ᠤᠨ ᠬᠥᠮᠦᠰ ᠲᠤ ᠢᠯᠡᠭᠡᠭᠰᠡᠨ ᠵᠠᠬᠢᠳᠠᠯ︾ ᠢ 3000 ᠭᠠᠷᠤᠶ ᠬᠤᠪᠢ ᠨᠠᠭᠠᠵᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ 20 ᠭᠠᠷᠤᠶ ᠵᠤᠷᠪᠤᠰ ᠡᠯᠭᠦᠵᠦ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠠᠭ ᠪᠢᠳᠡᠨ ᠢ ᠬᠦᠯᠢᠶᠡᠬᠦ ᠥᠬᠡᠶ᠂ ᠬᠥᠮᠦᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠵᠤ᠂ ︽ᠬᠠᠷᠢᠯᠴᠠᠨ ᠰᠠᠨᠠᠭᠤᠯᠬᠤ᠂ ᠬᠠᠷᠢᠯᠴᠠᠨ ᠬᠢᠨᠠᠯᠲᠠ ᠲᠠᠯᠪᠢᠬᠤ᠂ ᠬᠠᠮᠲᠤ ᠪᠠᠷ ᠰᠡᠷᠭᠡᠶᠢᠯᠡᠬᠦ︾ ᠠᠵᠢᠯ ᠤᠨ ᠪᠠᠶᠢᠷᠢᠰᠢᠯ ᠢ ᠪᠠᠶᠢᠭᠤᠯᠵᠤ᠂ ᠣᠯᠠᠨ ᠲᠦᠮᠡᠨ ᠤ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠤ ᠣᠶᠢᠯᠠᠭᠠᠯᠲᠠ ᠬᠠᠮᠵᠢᠯᠴᠠᠭ᠎ᠠ ᠳᠡᠮᠵᠢᠯᠭᠡ ᠶᠢ ᠣᠯᠤᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ