ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠶᠤᠮ᠃ ᠪᠠᠶᠠᠨᠬᠤᠸᠠ ᠪᠠᠯᠭᠠᠰᠤᠨ ᠤ ᠡᠪᠯᠡᠯ ᠤᠨ ᠬᠤᠷᠢᠶ᠎ᠠ ᠵᠣᠬᠢᠶᠠᠨ | ᠪᠠᠶᠢᠭᠤᠯᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠠᠯᠠᠭᠤᠴᠤᠳ ᠤᠨ ᠬᠦᠴᠦᠨ ᠢ ᠨᠢᠭᠲᠠᠷᠠᠭᠤᠯᠵᠤ᠂ ᠵᠠᠯᠠᠭᠤᠴᠤᠳ ᠤᠨ ᠭᠠᠪᠰᠢᠭᠠᠢ ᠠᠩᠬᠢ | ᠪᠣᠯᠤᠨ ᠡᠪᠯᠡᠯ ᠤᠨ ᠭᠡᠰᠢᠭᠦᠨ ᠵᠠᠯᠠᠭᠤᠴᠤᠳ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠡᠮᠬᠢ | ᠵᠢᠷᠤᠮ ᠲᠠᠢ ᠪᠠᠷ ᠣᠷᠣᠯᠴᠠᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ᠂ ᠪᠦᠬᠦ ᠠᠷᠠᠳ ᠢᠶᠠᠷ ᠢᠶᠠᠨ ︽ᠬᠢᠵᠢᠭ︾ ᠲᠠᠢ ᠲᠡᠮᠡᠴᠡᠬᠦ ᠡᠮᠦᠨ᠎ᠡ | ᠹᠷᠣᠨᠲ ᠲᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠢᠳᠡᠭ ᠵᠠᠯᠠᠭᠤᠴᠤᠳ ᠤᠨ ᠪᠠᠶᠢᠪᠠᠰᠤ ᠵᠣᠬᠢᠬᠤ ᠤᠶᠤᠨ ᠰᠠᠨᠠᠭᠠᠨ ᠤ ᠳᠦᠷᠰᠦ | ᠪᠠᠶᠢᠳᠠᠯ ᠢ ᠢᠯᠡᠷᠡᠬᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠴᠡᠭ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠠᠶᠢᠨ ᠳᠤᠷ᠎ᠠ ᠶᠢᠨ ᠦᠢᠯᠡᠴᠢᠯᠡᠭᠡᠨ ᠤ ᠵᠠᠯᠠᠭᠤ ᠨᠠᠰᠤᠨ ᠤ ᠬᠡᠷᠡᠯ ᠬᠢᠯᠪᠠᠭ᠎ᠠ ᠪᠠᠨ ᠰᠠᠴᠤᠷᠠᠭᠤᠯᠪᠠ᠃ ᠨᠠᠮ ᠤᠨ ᠲᠤᠭ ᠪᠣᠯ ᠡᠪᠯᠡᠯ ᠤᠨ ᠲᠤᠭ ᠤᠨ ᠴᠢᠭᠯᠡᠯ ᠮᠦᠨ᠃ | ᠪᠠᠶᠠᠨᠬᠤᠸᠠ ᠪᠠᠯᠭᠠᠰᠤᠨ ᠤ 30 ᠭᠠᠷᠤᠢ ᠡᠪᠯᠡᠯ ᠤᠨ ᠭᠡᠰᠢᠭᠦᠨ ᠵᠠᠯᠠᠭᠤᠴᠤᠳ ᠰᠠᠨᠠᠭᠠᠴᠢᠯᠠᠭ᠎ᠠ ᠠᠴᠠ ᠪᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠲᠠᠢ ᠲᠡᠮᠡᠴᠡᠵᠦ᠂ ᠬᠡᠪᠰᠢᠭᠦᠯᠦᠨ ᠬᠠᠮᠢᠶᠠᠷᠤᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ | ᠬᠢᠪᠡ᠃ | ᠵᠠᠯᠭᠠᠭᠠᠳ ᠪᠠᠶᠠᠨᠬᠤᠸᠠ ᠪᠠᠯᠭᠠᠰᠤᠨ ᠤ ᠡᠪᠯᠡᠯ ᠤᠨ ᠬᠤᠷᠢᠶ᠎ᠠ ︽ᠨᠠᠮ ᠤᠷᠢᠶᠠᠯᠠᠭ᠎ᠠ ᠲᠠᠢ᠂ ᠡᠪᠯᠡᠯ ᠠᠵᠢᠯᠯᠠᠭ᠎ᠠ ᠲᠠᠢ︾ ᠭᠡᠬᠦ ᠭᠤᠣᠯ ᠬᠦᠭ ᠠᠶᠠᠰ ᠢ | ᠦᠷᠭᠦᠯᠵᠢᠯᠡᠨ ᠴᠢᠪᠬᠠᠳᠠᠵᠤ᠂ ᠵᠠᠯᠠᠭᠤᠴᠤᠳ ᠤᠨ ᠬᠦᠴᠦᠨ ᠴᠢᠳᠠᠯ ᠢ ᠨᠡᠩ ᠭᠦᠢᠴᠡᠳ ᠠᠭᠤᠳᠠᠯᠤᠨ ᠲᠠᠶᠢᠴᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠲᠤᠭᠳᠠᠯᠴᠠᠭ᠎ᠠ ᠶᠢ ᠪᠦᠷᠢᠨᠰᠢᠬᠦᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠨᠠᠮ ᠢ ᠰᠠᠨᠠᠭ᠎ᠠ ᠠᠮᠤᠷ ᠪᠠᠶᠢᠯᠭᠠᠬᠤ᠂ ︿ᠬᠢᠵᠢᠭ﹀ ᠲᠠᠢ ᠲᠡᠮᠡᠴᠡᠬᠦ ᠳᠤ ᠪᠢ ᠪᠠᠶᠢᠬᠤ︾ | ᠠᠮᠠᠯᠠᠯᠲᠠ ᠪᠠᠨ ᠦᠢᠯᠡᠳᠦᠯᠭᠡᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠳᠤ | ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠬᠦᠬᠦ ᠪᠠᠷ ᠪᠠᠶᠢᠨ᠎ᠠ᠃ |