ᠸᠠᠩ ᡁᠢ ᠫᠢᠩ ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠠᠵᠤ ᠠᠬᠤᠶ ᠶᠢᠨ ᠡᠷᠭᠢᠯᠲᠡ ᠪᠠ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/11/11
   11 ᠰᠠᠷ᠎ᠠ ᠶᠢᠨ 9 ᠤ ᠡᠳᠦᠷ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠸᠠᠩ ᡁᠢ ᠫᠢᠩ ᠤᠷᠠᠳ ᠤᠨ ᠡᠮᠦᠨᠡᠲᠦ ᠬᠤᠰᠢᠭᠤᠨ ᠳᠤ ᠢᠷᠡᠵᠦ ᠠᠵᠤ ᠠᠬᠤᠶ ᠶᠢᠨ ᠠᠵᠢᠯᠯᠠᠭᠠᠨ ᠪᠠ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠲᠡᠷᠡ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ᠂ ᠤᠯᠤᠰ ᠲᠥᠷᠥ ᠶᠢᠨ ᠲᠣᠭᠲᠠᠯ ᠬᠦᠴᠦᠨ ᠢ ᠪᠠᠲᠤᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠴᠢᠭᠯᠡᠯ ᠢ ᠭᠤᠶᠢᠪᠢᠰᠢ ᠥᠬᠡᠶ᠂ ᠪᠦᠷᠢᠨ ᠪᠦᠲᠦᠨ᠂ ᠣᠨᠣᠪᠴᠢᠲᠠᠶ ᠪᠠᠶᠢᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠶᠢᠨ ᠤᠳᠤᠷᠢᠳᠤᠮᠵᠢ ᠶᠢ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠠᠢ᠃    ᠳ᠋ᠠ ᠵᠦᠩ ᠠᠭᠤᠷᠬᠠᠢ ᠶᠢᠨ ᠦᠢᠯᠡᠰ᠂ ᠬᠤᠸᠠ ᠲᠦᠸᠧ ᠠᠭᠤᠷᠬᠠᠢ ᠶᠢᠨ ᠦᠢᠯᠡᠰ ᠪᠣᠯᠤᠨ ᠪᠠᠷᠠᠭᠤᠨ ᠰᠠᠭᠠᠳᠠᠭ ᠤᠨ ᠮᠤᠯᠢᠪᠳᠧᠨ ᠤ ᠠᠭᠤᠷᠬᠠᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠸᠠᠩ ᡁᠢ ᠫᠢᠩ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠭᠤᠣᠯ ᠦᠢᠯᠡᠳᠬᠦᠨ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠦᠢᠯᠡᠳᠪᠦᠷᠢᠯᠡᠯ ᠢᠶᠠᠨ ᠥᠷᠨᠢᠭᠦᠯᠵᠦ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠶᠢ ᠵᠣᠬᠢᠴᠠᠭᠤᠯᠤᠨ ᠵᠡᠷᠭᠡ ᠪᠠᠷ ᠠᠬᠢᠭᠤᠯᠬᠤ ᠠᠭᠤᠷᠬᠠᠢ ᠶᠢᠨ ᠭᠠᠷᠤᠯᠲᠠ ᠶᠢ ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠵᠢᠯ ᠲᠥᠷᠥᠯ ᠤᠨ ᠬᠤᠰᠢᠭᠤᠷᠠᠯ ᠢ ᠴᠢᠩᠭ᠎ᠠ ᠠᠩᠬᠠᠷᠴᠤ᠂ ᠮᠡᠷᠭᠡᠵᠢᠯ ᠤᠨ ᠰᠢᠨᠡᠴᠢᠯᠡᠯᠲᠡ ᠶᠢ ᠲᠠᠰ ᠳᠡᠪᠰᠢᠭᠦᠯᠬᠦ ᠪᠠ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠲᠦᠷᠭᠡᠳᠬᠡᠵᠦ ᠂ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠪᠠ ᠨᠡᠮᠡᠯᠲᠡ ᠥᠷᠲᠡᠭ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠬᠤᠷᠢᠭ᠎ᠠ ᠱᠤᠭᠤᠮ ᠤᠨ ᠰᠡᠳᠬᠢᠬᠦᠶ ᠪᠠ ᠤᠯᠠᠭᠠᠨ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃    ᠲᠢᠶᠠᠨ ᠾᠧᠩ ᠡᠮ ᠦᠢᠯᠡᠳᠬᠦ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠸᠠᠩ ᡁᠢ ᠫᠢᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ ᠡᠮ ᠤᠨ ᠮᠠᠲ᠋ᠧᠷᠢᠶᠠᠯ ᠢ ᠪᠤᠶᠢᠵᠢᠭᠤᠯᠵᠤ ᠰᠤᠳᠤᠯᠤᠨ ᠨᠡᠭᠡᠭᠡᠬᠦ᠂ ᠦᠢᠯᠡᠳᠬᠦᠨ ᠤ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠬᠢᠨᠠᠮᠠᠭᠠᠶ ᠯᠠᠪᠯᠠᠨ ᠠᠰᠠᠭᠤᠪᠠ᠃ ᠲᠡᠷᠡ᠂ ᠤᠬᠢ ᠰᠣᠳᠣ ᠶᠢ ᠨᠢ ᠤᠯᠠᠮᠵᠢᠯᠠᠨ ᠵᠠᠯᠭᠠᠮᠵᠢᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠲᠤᠰ ᠪᠡᠶ᠎ᠡ ᠶᠢᠨ ᠣᠨᠴᠠᠯᠢᠭ ᠪᠣᠯᠤᠨ ᠳᠠᠪᠠᠭᠤᠯᠢᠭ ᠢᠶᠠᠨ ᠭᠦᠢᠴᠡᠳ ᠠᠭᠤᠳᠠᠯᠤᠨ᠂ ᠵᠢᠩᠬᠢᠨᠢ ᠡᠮ ᠤᠨ ᠮᠠᠲ᠋ᠧᠷᠢᠶᠠᠯ ᠤᠨ ᠲᠦᠷᠦᠯ ᠳᠡᠮᠳᠡᠭᠵᠢᠭᠰᠡᠨ᠂ ᠬᠡᠪᠴᠢᠶᠡᠵᠢᠭᠰᠡᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ᠶᠢᠨ ᠦᠢᠯᠡᠰ ᠪᠣᠯᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠥ᠋ ᠴᠠᠩ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠸᠠᠩ ᡁᠢ ᠫᠢᠩ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠤᠨ ᠢᠷᠡᠯᠲᠡ᠂ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠵᠡᠷᠭᠡ ᠪᠠᠶᠢᠳᠠᠯ ᠢ ᠨᠠᠷᠢᠨ ᠬᠢᠨᠠᠮᠠᠭᠠᠶ ᠯᠠᠪᠯᠠᠨ ᠠᠰᠠᠭᠤᠪᠠ᠃ ᠲᠡᠷᠡ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠢᠯᠡᠳᠬᠦᠨ ᠤ ᠶᠠᠰᠤ ᠴᠢᠨᠠᠷ ᠢ ᠴᠢᠬᠤᠯᠠᠴᠢᠯᠠᠵᠤ᠂ ᠦᠢᠯᠡᠳᠪᠦᠷᠢᠯᠡᠯ ᠤᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠠᠵᠤ ᠦᠢᠯᠡᠰ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠲᠠᠷᠢᠶᠠᠴᠢᠨ ᠪᠣᠯᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠳᠤ ᠠᠵᠤ ᠦᠢᠯᠡᠰ ᠤᠨ ᠬᠡᠯᠬᠢᠶ᠎ᠡ ᠶᠢᠨ ᠨᠡᠮᠡᠭᠳᠡᠯ ᠦᠷᠳᠡᠭ ᠤᠨ ᠠᠰᠢᠭ ᠣᠷᠣᠯᠭ᠎ᠠ ᠶᠢ ᠨᠡᠩ ᠤᠯᠠᠨ ᠬᠤᠪᠢᠶᠠᠨ ᠡᠳ᠋ᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃    ᠳ᠋ᠦᠩ ᠯᠢ ᠬᠡᠷᠡᠯ ᠴᠡᠨᠡᠭ ᠤᠨ ᠡᠯᠧᠺᠲᠷᠣᠨ ᠬᠢᠵᠠᠭᠠᠷᠲᠤ ᠺᠣᠮᠫᠠᠨᠢ ᠪᠣᠯᠤᠨ ᠮᠧᠶ ᠬᠤᠸᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠠᠵᠤ ᠠᠬᠤᠶᠢᠯᠠᠯ ᠤᠨ ᠬᠢᠨ ᠦᠢᠯᠡᠳᠪᠦᠷᠢᠯᠡᠯ ᠢ ᠰᠠᠶᠢᠲᠤᠷ ᠠᠳᠬᠤᠬᠤ ᠶᠢᠨ ᠬᠠᠮᠲᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠨ ᠳᠡᠭᠡᠳᠦ ᠳᠤᠤᠷᠠᠳᠤ ᠤᠷᠤᠰᠬᠠᠯ ᠤᠨ ᠠᠵᠤ  ᠦᠢᠯᠡᠰ ᠤᠨ ᠬᠥᠭᠵᠢᠯᠲᠡ ᠶᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠬᠦ᠂ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠬᠦ ᠵᠡᠷᠭᠡ ᠲᠠᠯ᠎ᠠ ᠪᠠᠷ ᠬᠢ ᠣᠷᠣᠭᠤᠯᠤᠯᠲᠠ ᠪᠠᠨ ᠨᠡᠮᠡᠭᠳᠡᠭᠦᠯᠵᠦ᠂ ᠳᠤᠤᠷᠠᠳᠤ ᠤᠷᠤᠰᠬᠠᠯ ᠤᠨ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠠᠵᠤ ᠦᠢᠯᠡᠰ ᠤᠨ ᠲᠠᠰ ᠳᠠᠪᠬᠤᠷᠭ᠎ᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠡᠪᠴᠢᠶ᠎ᠡ ᠶᠢ ᠪᠤᠵᠠᠭᠠᠶᠢᠷᠠᠭᠤᠯᠬᠤ᠂ ᠪᠣᠳᠠᠲᠤ ᠬᠦᠴᠦᠨ ᠢ ᠬᠦᠴᠦᠷᠬᠡᠭᠵᠢᠭᠦᠯᠬᠦ᠂ ᠦᠢᠯᠡᠳᠬᠦᠨ ᠢ ᠰᠢᠯᠢᠳᠡᠭᠵᠢᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠦᠢᠯᠡᠳᠦᠯᠬᠡᠵᠢᠬᠦᠯᠵᠦ᠂ ᠰᠢᠰᠲ᠋ᠧᠮᠲᠦ ᠰᠡᠳᠬᠢᠬᠦᠶ ᠪᠠᠷ ᠪᠦᠲᠦᠴᠡ ᠶᠢᠨ ᠴᠢᠨᠠᠷᠲᠠᠶ ᠵᠥᠷᠢᠴᠡᠯ ᠪᠠ ᠪᠣᠭᠤᠮᠢ ᠶᠢᠨ ᠬᠢᠵᠠᠭᠠᠷᠯᠠᠯ ᠢ ᠬᠦᠴᠦᠯᠡᠨ ᠰᠡᠢᠳᠪᠦᠷᠢᠯᠡᠵᠦ᠂ ᠪᠥᠬᠦ ᠬᠦᠴᠦᠨ ᠢᠶᠠᠷ ᠢᠶᠠᠨ ᠪᠦᠲᠦᠴᠡ ᠪᠠᠨ ᠲᠣᠬᠢᠷᠠᠭᠤᠯᠬᠤ᠂ ᠴᠢᠳᠠᠮᠵᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠪᠥᠲᠥᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠨᠢ ᠰᠡᠢᠳᠪᠦᠷᠢᠯᠡᠵᠦ᠂ ᠪᠣᠳᠠᠲᠤ ᠴᠣᠭᠴᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ