ᠡᠵᠡᠨ᠎ᠡ ᠬᠤᠰᠢᠭᠤᠨ ᠳᠤ ᠬᠢᠵᠢᠭ ᠢ ᠲᠤᠰᠠᠯᠠᠬᠤ ᠪᠠᠷ ᠮᠤᠷᠳᠠᠭᠰᠠᠨ ᠡᠷᠦᠬᠡ ᠶᠢᠨ ᠴᠡᠷᠢᠭ ᠤᠨ ᠭᠡᠷ ᠪᠦᠯᠢ ᠶᠢᠨ ᠬᠢᠨ ᠢ ᠲᠣᠬᠤᠨᠢᠭᠤᠯᠵᠤ ᠰᠡᠳᠬᠢᠯ ᠢ ᠨᠢ ᠲᠤᠯᠠᠭᠠᠴᠠᠭᠤᠯᠪᠠ
ᠨᠡᠶᠢᠲᠡᠯᠡᠭᠰᠡᠨ ᠴᠠᠭ᠄
2021/11/11
    11 ᠰᠠᠷ᠎ᠠ ᠶᠢᠨ 10 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠬᠠᠮᠲᠤᠷᠠᠨ ᠡᠵᠡᠨ᠎ᠡ ᠬᠤᠰᠢᠭᠤᠨ ᠤ ᠬᠢᠵᠢᠭ ᠢ ᠲᠤᠰᠠᠯᠠᠬᠤ ᠪᠠᠷ ᠶᠠᠪᠤᠭᠰᠠᠨ 5 ᠡᠷᠦᠬᠡ ᠶᠢᠨ ᠴᠡᠷᠢᠭ ᠤᠨ ᠬᠡᠷ ᠪᠦᠯᠢ ᠶᠢᠨ ᠬᠢᠨ ᠢ ᠨᠢᠭᠡᠳ ᠨᠢᠭᠡ ᠪᠠᠷ ᠪᠣᠯᠭᠤᠭᠠᠨ ᠲᠣᠬᠤᠨᠢᠭᠤᠯᠤᠭᠰᠠᠨ ᠪᠥᠭᠡᠳ ᠲᠡᠳᠡᠨ ᠳᠤ ᠬᠤᠲᠠ᠂ ᠬᠤᠰᠢᠭᠤ ᠬᠤᠶᠠᠷ ᠱᠠᠲᠤᠨ ᠤ ᠲᠣᠬᠤᠨᠢᠭᠤᠯᠬᠤ ᠵᠠᠬᠢᠳᠠᠯ ᠵᠢᠴᠢ ᠲᠤᠲᠤᠷᠭ᠎ᠠ᠂ ᠭᠤᠯᠢᠷ᠂ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠵᠦ᠂ ᠡᠷᠦᠬᠡ ᠶᠢᠨ ᠴᠡᠷᠢᠭ ᠤᠨ ᠬᠡᠷ ᠪᠦᠯᠢ ᠶᠢᠨ ᠬᠢᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠨᠵᠡᠭᠡᠶ ᠮᠡᠳᠡᠷᠡᠭᠦᠯᠪᠡ᠃     ᠬᠦᠷᠦᠭᠰᠡᠨ ᠭᠠᠵᠠᠷ ᠪᠣᠯᠭᠠᠨ ᠳᠤ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠮᠠᠨᠳᠤᠯ᠎ᠠ ᠡᠷᠦᠬᠡ ᠶᠢᠨ ᠴᠡᠷᠢᠭ ᠤᠨ ᠭᠡᠷ ᠪᠦᠯᠢ ᠶᠢᠨ ᠬᠢᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ ᠪᠣᠯᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠠᠵᠢᠯ ᠠᠮᠢᠳᠤᠷᠠᠯ ᠤᠨ ᠲᠠᠯ᠎ᠠ ᠪᠠᠷ ᠪᠣᠳᠠᠲᠠᠢ ᠬᠦᠴᠢᠷᠳᠡᠯ ᠪᠠᠶᠢᠬᠤ ᠡᠰᠡᠬᠦ ᠶᠢ ᠨᠠᠷᠢᠨ ᠣᠶᠢᠯᠠᠭᠠᠪᠠ᠃ ᠡᠭᠦᠨ ᠤ ᠬᠠᠮᠲᠤ ᠪᠠᠰᠠ ᠭᠡᠷ ᠤᠨ ᠬᠥᠮᠦᠰ ᠲᠤᠨᠢ ᠡᠷᠦᠬᠡ ᠶᠢᠨ ᠴᠡᠷᠢᠭ ᠤᠨ ᠡᠵᠡᠨ᠎ᠡ ᠬᠤᠰᠢᠭᠤᠨ ᠳᠠᠬᠢ ᠦᠨᠳᠦᠰᠦᠨ ᠪᠠᠶᠢᠳᠠᠯ ᠢ ᠨᠠᠷᠢᠨ ᠲᠠᠨᠢᠯᠴᠠᠭᠤᠯᠵᠠᠶ᠃ ᠳᠡᠳᠡ ᠡᠷᠦᠬᠡ ᠶᠢᠨ ᠴᠡᠷᠢᠭ ᠤᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠬᠢᠵᠢᠭ ᠤᠨ ᠡᠮᠦᠨ᠎ᠡ ᠠᠴᠠ ᠡᠷᠡᠰ ᠤᠷᠤᠭᠰᠢᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠡᠷᠬᠢᠮ ᠳᠡᠭᠡᠳᠦ ᠵᠣᠷᠢᠭ ᠰᠠᠨᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠭᠰᠠᠨ ᠪᠥᠭᠡᠳ ᠭᠡᠷ ᠪᠦᠯᠢ ᠶᠢᠨ ᠬᠢᠨ ᠤ ᠦᠭᠡ ᠳᠠᠭᠤᠨ ᠦᠭᠡᠢ ᠪᠠᠷ ᠦᠷᠡᠭᠳᠡᠯ ᠭᠠᠷᠭᠠᠭᠰᠠᠨ ᠪᠠ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ