ᠸᠠᠩ ᠵᠢᠶᠦ᠋ᠨ ᠵᠢᠶᠧ ᠤᠷᠠᠳ ᠤᠨ ᠡᠮᠦᠨᠡᠲᠦ ᠬᠤᠰᠢᠭᠤᠨ ᠤ ᠬᠤᠸᠠ ᠲᠠᠢ ᠮᠢᠩ ᠵᠢᠦᠢ᠂ ᠬᠤᠰᠢᠭᠤᠨ ᠤ ᠬᠡᠦᠬᠡᠳ ᠤᠨ ᠴᠡᠴᠡᠷᠯᠢᠭ ᠤᠨ ᠡᠪᠦᠯ ᠤᠨ ᠤᠯᠠᠷᠢᠯ ᠤᠨ ᠢᠯᠴᠢ ᠬᠠᠩᠭᠠᠬᠤ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2021/11/11
   11 ᠰᠠᠷ᠎ᠠ ᠶᠢᠨ 10 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠨᠠᠷ ᠲᠠᠢ ᠬᠠᠮᠳᠣ ᠪᠠᠷ ᠤᠷᠢᠳ ᠬᠤᠵᠢᠳ ᠢᠯᠴᠢ ᠬᠠᠩᠭᠠᠬᠤ ᠴᠠᠬᠢᠯᠭᠠᠨ ᠬᠦᠴᠦᠨ ᠤ ᠪᠠᠲᠤᠯᠠᠭ᠎ᠠ ᠶᠢᠨ ᠰᠢᠰᠲ᠋ᠧᠮ ᠤᠨ ᠪᠠᠷᠢᠯᠭ᠎ᠠ ᠶᠢᠨ ᠭᠠᠵᠠᠷ᠂ ᠬᠤᠰᠢᠭᠤᠨ ᠤ ᠬᠡᠦᠬᠡᠳ ᠤᠨ ᠴᠡᠴᠡᠷᠯᠢᠭ ᠵᠡᠷᠭᠡ ᠭᠠᠵᠠᠷ ᠲᠤ ᠬᠦᠷᠴᠦ᠂ ᠵᠠᠮ ᠱᠤᠭᠤᠮ ᠤᠨ ᠪᠠᠶᠢᠷᠢᠯᠠᠭᠤᠯᠤᠯᠲᠠ ᠶᠢᠨ ᠠᠬᠢᠴᠠ᠂ ᠰᠤᠷᠭᠠᠭᠤᠯᠢ ᠶᠢᠨ ᠬᠦᠷᠢᠶᠡᠨ ᠤ ᠳᠤᠯᠠᠭᠠᠯᠠᠭ᠎ᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠲᠤᠬᠠᠶ ᠶᠢᠨ ᠲᠠᠯᠠᠪᠠᠶ ᠳᠤ ᠠᠵᠢᠯᠯᠠᠨ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠡᠢᠳᠪᠦᠷᠢᠯᠡᠪᠡ᠃    ᠪᠠᠶᠢᠴᠠᠭᠠᠨ ᠰᠤᠳᠤᠯᠤᠯᠲᠠ ᠬᠢᠬᠦ ᠳᠤᠮᠳᠠ᠂ ᠸᠠᠩ ᠵᠢᠶᠦ᠋ᠨ ᠵᠢᠶᠧ ᠠᠴᠠ ᠬᠤᠯᠪᠣᠭᠳᠠᠯ ᠪᠥᠬᠦᠶ ᠨᠢᠭᠡᠴᠡ᠂ ᠲᠥᠷᠥᠯ ᠵᠦᠢᠯ ᠤᠨ ᠬᠠᠷᠢᠭᠤᠴᠠᠯᠭᠠᠲᠠᠨ ᠣᠯᠠᠨ ᠲᠦᠮᠡᠨ ᠤ ᠬᠠᠯᠠᠭᠤᠨ ᠳᠤᠯᠠᠭᠠᠨ ᠢ ᠴᠠᠭ ᠢᠮᠠᠭᠲᠠ ᠰᠠᠨᠠᠭᠠᠨ ᠳᠠᠭᠠᠨ ᠠᠪᠴᠤ᠂ ᠣᠯᠠᠨ ᠲᠦᠮᠡᠨ ᠤ ᠵᠦᠶ ᠵᠣᠬᠢᠰᠲᠠᠶ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠴᠠᠭ ᠨᠡᠮᠡᠵᠦ ᠠᠵᠢᠯᠯᠠᠨ᠂ ᠪᠠᠷᠢᠯᠭ᠎ᠠ ᠶᠢᠨ ᠠᠬᠢᠴᠠ ᠶᠢ ᠵᠠᠪᠳᠤᠨ ᠠᠳᠬᠤᠵᠤ᠂ ᠢᠯᠴᠢ ᠬᠠᠩᠭᠠᠬᠤ ᠴᠠᠬᠢᠯᠭᠠᠨ ᠬᠦᠴᠦᠨ ᠤ ᠪᠡᠯᠡᠳᠬᠡᠮᠵᠢ ᠲᠥᠬᠦᠭᠡᠷᠦᠮᠵᠢ ᠶᠢ ᠲᠦᠷᠭᠡᠬᠡᠨ ᠲᠡᠭᠦᠯᠳᠡᠷᠵᠢᠭᠦᠯᠵᠦ᠂ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠠᠵᠢᠯ ᠢ ᠰᠠᠶᠢᠲᠤᠷ ᠬᠢᠵᠦ᠂ ᠨᠠᠩ ᠪᠦᠲᠦᠮᠵᠢᠲᠡᠶ ᠢᠯᠴᠢ ᠬᠠᠩᠭᠠᠵᠤ ᠳᠤᠯᠠᠭᠠᠨ ᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠬᠡᠦᠬᠡᠳ ᠤᠨ ᠴᠡᠴᠡᠷᠯᠢᠭ᠂ ᠰᠠᠭᠤᠭᠠᠯᠢ ᠠᠷᠠᠳ ᠤᠨ ᠢᠯᠴᠢ ᠬᠠᠩᠭᠠᠬᠤ ᠶᠠᠰᠤ ᠴᠢᠨᠠᠷ ᠢ ᠪᠠᠲᠤᠯᠠᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠪᠠᠷ ᠬᠠᠯᠠᠭᠤᠨ ᠳᠤᠯᠠᠭᠠᠨ ᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠠᠷᠠᠳ ᠣᠯᠠᠨ ᠤ ᠰᠡᠳᠬᠢᠯ ᠳᠤ ᠬᠦᠷᠭᠡᠬᠦ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠯᠴᠢ ᠬᠠᠩᠭᠠᠬᠤ ᠠᠵᠤ ᠠᠬᠤᠶᠢᠯᠠᠯ ᠬᠢᠭᠡᠳ ᠪᠠᠷᠢᠯᠭ᠎ᠠ ᠶᠢᠨ ᠠᠵᠤ ᠠᠬᠤᠶᠢᠯᠠᠯ ᠤᠨ ᠢᠯᠴᠢ ᠬᠠᠩᠭᠠᠬᠤ ᠶᠢ ᠪᠠᠲᠤᠯᠠᠬᠤ ᠴᠢᠳᠠᠪᠤᠷᠢ ᠪᠠ ᠦᠢᠯᠡᠴᠢᠯᠡᠬᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠰᠢᠮᠳᠠᠭᠤᠯᠵᠤ᠂ ᠠᠷᠠᠳ ᠣᠯᠠᠨ ᠢ ︽ᠪᠡᠶ᠎ᠡ ᠰᠡᠳᠬᠢᠯ ᠢ ᠨᠢ ᠳᠤᠯᠠᠭᠠᠴᠠᠭᠤᠯᠬᠤ︾ ᠬᠡᠷᠡᠭᠳᠡᠢ ᠬᠡᠵᠦ ᠱᠠᠭᠠᠷᠳᠠᠵᠠᠢ᠃  
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ