ᠰᠠᠷᠠᠨᠴᠡᠴᠡᠭ ᠤᠷᠠᠳ ᠤᠨ ᠡᠮᠦᠨᠡᠲᠦ ᠬᠤᠰᠢᠭᠤᠨ ᠤ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/11/11
    11 ᠰᠠᠷ᠎ᠠ ᠶᠢᠨ 9 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠰᠠᠷᠠᠨᠴᠡᠴᠡᠭ ᠲᠤᠰᠬᠠᠶ ᠪᠠᠶᠢᠴᠠᠭᠠᠬᠤ ᠳᠤᠭᠤᠶᠢᠯᠠᠩ ᠳᠠᠭᠠᠭᠤᠯᠤᠨ ᠡᠮᠦᠨᠡᠲᠦ ᠬᠤᠰᠢᠭᠤᠨ ᠤ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃     ᠰᠠᠷᠠᠨᠴᠡᠴᠡᠭ ᠲᠤᠰᠬᠠᠶ ᠪᠠᠶᠢᠴᠠᠭᠠᠵᠤ ᠴᠡᠭᠴᠡᠯᠡᠬᠦ ᠳᠤᠭᠤᠶᠢᠯᠠᠩ ᠳᠠᠭᠠᠭᠤᠯᠤᠨ ᠬᠤᠸᠠ ᠲᠦᠸᠧ ᠠᠭᠤᠷᠬᠠᠶ ᠶᠢᠨ ᠦᠢᠯᠡᠰ ᠲᠤ ᠢᠷᠡᠵᠦ᠂ ᠡᠩ ᠲᠡᠷᠢᠭᠦᠨ ᠳᠤ ᠬᠤᠸᠠ ᠲᠦᠸᠧ ᠠᠭᠤᠷᠬᠠᠶ ᠶᠢᠨ ᠦᠢᠯᠡᠰ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠠᠶ᠃ ᠰᠠᠷᠠᠨᠴᠡᠴᠡᠭ ᠲᠣᠰ ᠤᠳᠠᠭᠠᠨ ᠤ ᠪᠠᠶᠢᠴᠠᠭᠠᠯᠲᠠ ᠶᠢᠨ ᠠᠵᠢᠯ ᠤᠨ ᠵᠣᠷᠢᠯᠭ᠎ᠠ ᠪᠠ ᠠᠴᠢ ᠬᠤᠯᠪᠣᠭᠳᠠᠯ ᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠲᠣᠳᠣᠷᠬᠠᠶᠢᠯᠠᠵᠤ᠂ ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢᠨ ᠠᠵᠢᠯ ᠳᠤ ᠬᠢᠨᠠᠮᠠᠭᠠᠶ ᠬᠠᠨᠳᠤᠵᠤ᠂ ᠲᠤᠰᠬᠠᠶ ᠴᠡᠭᠴᠡᠯᠡᠨ ᠵᠠᠰᠠᠬᠤ ᠳᠤᠭᠤᠶᠢᠯᠠᠩ ᠤᠨ ᠢᠯᠡᠷᠡᠭᠦᠯᠦᠭᠰᠡᠨ ᠠᠰᠠᠭᠤᠳᠠᠯ ᠪᠣᠯᠭᠠᠨ ᠢ ᠠᠵᠤ ᠠᠬᠤᠶᠢᠯᠠᠯ ᠤᠨ ᠬᠢᠨ ᠴᠡᠭᠴᠡᠯᠡᠨ ᠵᠠᠰᠠᠬᠤ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠵᠤ᠂ ᠳᠠᠷᠦ᠋ᠢᠬᠠᠨ ᠴᠡᠭᠴᠡᠯᠡᠨ ᠵᠠᠰᠠᠬᠤ ᠬᠡᠷᠡᠭᠲᠡᠶ ᠬᠡᠵᠡᠢ᠃     ᠳᠠᠷᠠᠭ᠎ᠠ ᠨᠢ᠂ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠭᠤᠷᠬᠠᠶ ᠶᠢᠨ ᠢᠯᠡᠳᠬᠡᠮᠵᠢ ᠲᠡᠮᠳᠡᠭ ᠨᠢ ᠪᠦᠷᠢᠨ ᠪᠦᠲᠦᠨ ᠪᠠᠶᠢᠬᠤ ᠡᠰᠡᠬᠦ᠂ ᠵᠢᠷᠤᠭ ᠲᠥᠯᠥᠪᠯᠡᠭᠡ ᠶᠢᠨ ᠲᠥᠰᠦᠯ ᠶᠣᠰᠣᠭᠠᠷ ᠨᠡᠭᠡᠭᠡᠨ ᠮᠠᠯᠲᠠᠭᠰᠠᠨ ᠡᠰᠡᠬᠦ ᠵᠡᠷᠭᠡ ᠠᠭᠤᠯᠭ᠎ᠠ ᠶᠢ ᠭᠤᠤᠯᠳᠠᠯᠭ᠎ᠠ ᠲᠠᠢ ᠪᠠᠶᠢᠴᠠᠭᠠᠪᠠ᠃ ᠡᠭᠦᠨ ᠤ ᠬᠠᠮᠲᠤ᠂ ᠠᠭᠤᠷᠬᠠᠶ ᠶᠢᠨ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠣᠭᠤᠳᠴᠤ᠂ ᠠᠶᠤᠯ ᠦᠭᠡᠶ ᠦᠢᠯᠡᠳᠪᠦᠷᠢᠯᠡᠯ ᠤᠨ ᠦᠵᠡᠯ ᠤᠬᠠᠮᠰᠠᠷ ᠢ ᠴᠢᠩᠭᠠᠷᠠᠭᠤᠯᠤᠨ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠶ ᠨᠠᠷᠢᠯᠢᠭ ᠰᠠᠶᠢᠲᠤᠷ ᠠᠳᠬᠤᠬᠤ   ᠶᠢ ᠱᠠᠭᠠᠷᠳᠠᠵᠠᠢ᠃ ᠰᠠᠷᠠᠨᠴᠡᠴᠡᠭ ᠨᠠᠷ ᠪᠠᠰᠠ ᠬᠤᠸᠠ ᠲᠦᠸᠧ ᠠᠭᠤᠷᠬᠠᠢ ᠶᠢᠨ ᠦᠢᠯᠡᠰ ᠤᠨ 4 ᠳ᠋ᠦᠭᠡᠷ ᠦᠯᠡᠳᠡᠭᠳᠡᠯ ᠬᠦᠳᠡᠷ ᠤᠨ ᠬᠥᠮᠥᠷᠭᠡ ᠳᠤ ᠬᠦᠷᠴᠦ᠂ ᠦᠯᠡᠳᠡᠭᠳᠡᠯ ᠬᠦᠳᠡᠷ ᠤᠨ ᠬᠥᠮᠥᠷᠭᠡ ᠶᠢᠨ ᠨᠡᠪᠴᠢᠭᠦᠯᠬᠦ ᠰᠢᠰᠲ᠋ᠧᠮ᠂ ᠦᠶᠡᠷ ᠲᠠᠲᠠᠷᠠᠭᠤᠯᠬᠤ ᠰᠢᠰᠲ᠋ᠧᠮ ᠤᠨ ᠨᠠᠶᠢᠳᠠᠪᠤᠷᠢᠲᠠᠢ ᠪᠠᠶᠢᠬᠤ ᠡᠰᠡᠬᠦ᠂ ᠬᠠᠰᠢᠯᠭ᠎ᠠ ᠶᠢᠨ ᠴᠣᠭᠴᠠ ᠶᠢᠨ ᠲᠣᠭᠲᠠᠪᠤᠷᠢᠲᠠᠢ ᠪᠠᠶᠢᠬᠤ ᠡᠰᠡᠬᠦ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠲᠤᠯᠭᠠᠷᠠᠭᠰᠠᠨ ᠬᠦᠴᠢᠷᠳᠡᠯ ᠵᠢᠴᠢ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠲᠥᠯᠥᠪᠯᠡᠭᠡ ᠶᠢ ᠨᠠᠷᠢᠨ ᠣᠶᠢᠯᠠᠭᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ