ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠠᠶᠠᠨᠨᠠᠭᠤᠷ | ᠬᠤᠲᠠ ᠶᠢᠨ ᠨᠠᠮ ᠤᠨ ᠬᠤᠷᠢᠶ᠎ᠠ ᠵᠢᠴᠢ ᠣᠷᠠᠳ ᠤᠨ ᠡᠮᠥᠨᠡᠲᠤ ᠬᠤᠰᠢᠭᠤᠨ ᠤ ᠬᠤᠰᠢᠭᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠣᠶᠢᠷ᠎ᠠ ᠶᠢᠨ ᠡᠳᠦᠷ᠂ | ᠣᠷᠠᠳ ᠤᠨ ᠡᠮᠥᠨᠡᠲᠤ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ᠲᠥᠪ ᠤᠨ ᠦᠨᠳᠦᠰᠦᠲᠡᠨ ᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ︾ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠰᠤᠷᠤᠯᠴᠠᠯᠭ᠎ᠠ ᠦᠷᠨᠢᠭᠦᠯᠪᠡ᠃ | ᠣᠷᠠᠳ ᠤᠨ ᠡᠮᠥᠨᠡᠲᠤ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠺᠠᠳ᠋ᠷ ᠠᠵᠢᠯᠲᠠᠳ ︽ᠨᠢᠭᠡᠳᠦᠭᠡᠷ | ᠬᠠᠷᠢᠭᠤᠴᠠᠯᠭᠠᠲᠠᠨ ᠨᠠᠮ ᠤᠨ ᠬᠢᠴᠢᠶᠡᠯ ᠣᠷᠣᠬᠤ︾ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠨᠠᠶᠢᠷᠠᠭᠤᠯᠤᠨ ᠪᠢᠴᠢᠭᠰᠡᠨ ︽ | ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠤᠨ ᠲᠠᠶᠢᠯᠪᠤᠷᠢᠯᠠᠬᠤ ᠬᠥᠲᠥᠯᠪᠦᠷᠢ︾ ᠪᠠᠷ ᠰᠣᠷᠣᠯᠴᠠᠯᠭ᠎ᠠ ᠶᠢᠨ ᠭᠤᠣᠯ ᠠᠭᠤᠯᠭ᠎ᠠ ᠪᠠᠨ ᠪᠣᠯᠭᠠᠨ ᠨᠠᠷᠢᠨ | ᠬᠢᠨᠠᠮᠠᠭᠠᠢ ᠰᠣᠷᠣᠯᠴᠠᠪᠠ᠃ | ᠰᠤᠷᠤᠯᠴᠠᠯᠭ᠎ᠠ ᠳᠤ᠂ ᠣᠷᠠᠳ ᠤᠨ ᠡᠮᠥᠨᠡᠲᠤ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ | ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠣᠭᠤᠷᠢᠨ ᠳᠤ᠂ ᠣᠳᠣᠬᠢ ᠱᠠᠲᠤᠨ ᠤ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠪᠠ ᠴᠢᠬᠤᠯᠠ | ᠡᠭᠦᠷᠭᠡ ᠶᠢ ᠭᠦᠨᠵᠡᠭᠡᠢ ᠲᠠᠶᠢᠯᠪᠣᠷᠢᠯᠠᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠲᠠᠨᠢᠵᠤ | ᠡᠵᠡᠮᠰᠢᠬᠦ ᠪᠠ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠦᠨᠡᠨ ᠬᠦ | ᠰᠠᠶᠢᠲᠤᠷ ᠬᠢᠬᠦ ᠵᠡᠷᠭᠡ ᠭᠤᠷᠪᠠᠨ ᠲᠠᠯ᠎ᠠ ᠪᠠᠷ ᠲᠣᠳᠣᠷᠬᠠᠶᠢᠯᠠᠨ ᠲᠠᠶᠢᠯᠪᠤᠷᠢᠯᠠᠪᠠ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠠᠨᠢᠵᠤ ᠡᠵᠡᠮᠰᠢᠬᠦ ᠶᠢ ᠭᠤᠤᠯᠳᠠᠯᠭ᠎ᠠ ᠲᠠᠢ ᠴᠢᠬᠤᠴᠢᠯᠠᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠭᠦᠨᠵᠡᠭᠡᠶ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠵᠢᠴᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ︽ᠳᠥᠷᠪᠡᠨ ᠬᠠᠷᠢᠴᠠᠭ᠎ᠠ︾ ᠪᠠ ︽ᠲᠠᠪᠤᠨ ᠭᠤᠤᠯᠳᠠᠯᠭ᠎ᠠ ᠲᠠᠢ ᠡᠭᠦᠷᠭᠡ︾ | ᠶᠢ ᠭᠦᠨᠵᠡᠭᠡᠶ ᠲᠠᠨᠢᠵᠤ ᠡᠵᠡᠮᠰᠢᠬᠦ ᠴᠢᠬᠤᠯᠨ ᠴᠢᠨᠠᠷ ᠢ ᠣᠯᠠᠨ ᠳᠤ ᠣᠬᠠᠭᠤᠯᠣᠨ ᠮᠡᠳᠡᠬᠦᠯᠪᠡ᠃ | ᠲᠣᠰ ᠣᠳᠠᠭᠠᠨ ᠤ ᠰᠤᠷᠤᠯᠴᠠᠯᠭ᠎ᠠ ᠪᠠᠷ ᠳᠡᠮᠵᠢᠨ᠂ ᠣᠷᠠᠳ ᠤᠨ ᠡᠮᠥᠨᠡᠲᠤ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷᠴᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠠᠭᠤᠯᠤᠭᠳᠠᠬᠤᠨ ᠢ ᠨᠠᠩ ᠭᠦᠨᠵᠡᠭᠡᠶ ᠲᠠᠨᠢᠵᠤ᠂ ᠤᠯᠤᠰ ᠲᠥᠷᠥ ᠶᠢᠨ ᠲᠣᠭᠲᠠᠯ ᠬᠦᠴᠦᠨ ᠪᠠ ᠤᠯᠤᠰ | ᠲᠥᠷᠥ ᠶᠢᠨ ᠬᠡᠪ ᠪᠣᠯᠪᠠᠰᠤᠷᠠᠯ ᠢ ᠴᠢᠨᠠᠭᠰᠢᠳᠠ ᠳᠡᠭᠡᠭᠰᠢᠯᠡᠭᠦᠯᠵᠦ᠂ ᠰᠣᠶᠣᠯ ᠪᠡᠶ᠎ᠡ ᠲᠠᠮᠢᠷ ᠵᠢᠭᠤᠯᠴᠢᠯᠠᠯ ᠤᠨ ᠠᠵᠢᠯ ᠢ ᠣᠯᠠᠮ ᠴᠢᠨᠠᠭᠰᠢᠳᠠ ᠠᠬᠢᠭᠤᠯᠬᠤ ᠳᠤ ᠪᠠᠲᠤ | ᠪᠠᠬᠢ ᠦᠵᠡᠯ ᠰᠠᠨᠠᠭᠠᠨ ᠤ ᠰᠠᠭᠤᠷᠢ ᠲᠠᠯᠪᠢᠬᠤ ᠪᠠᠷ ᠴᠢᠷᠮᠠᠶᠢᠨ ᠠᠵᠢᠯᠯᠠᠨ᠎ᠠ ᠬᠡᠮᠡᠨ ᠢᠯᠡᠷᠬᠡᠶᠢᠯᠡᠪᠡ᠃ | ᠣᠷᠠᠳ ᠤᠨ ᠡᠮᠦᠨᠡᠲᠤ ᠬᠤᠰᠢᠭᠤᠨ ᠤ ᠴᠠᠶᠢᠨ᠎ᠠ ᠮᠡᠳᠡᠭᠡᠯᠡᠪᠡ |