ᠣᠷᠠᠳ ᠤᠨ ᠡᠮᠥᠨᠡᠲᠤ ᠬᠤᠰᠢᠭᠤᠨ ᠤ ᠮᠢᠩᠭᠠᠨ ᠪᠠᠯᠭᠠᠰᠤ᠄ ᠬᠡᠷᠬᠡᠨᠡᠭ ᠮᠦᠭᠦ ᠳᠠᠷᠢᠵᠤ ᠪᠠᠶᠠᠵᠢᠯ ᠤᠨ ᠵᠠᠮ ᠢᠶᠠᠨ ᠡᠯᠭᠦᠪᠡ
ᠨᠡᠶᠢᠲᠡᠯᠡᠭᠰᠡᠨ ᠴᠠᠭ᠄
2021/11/15
    ᠥᠪᠥᠷ ᠮᠣᠩᠭᠤᠯ ᠤᠨ ᠷᠦᠢ ᠵᠢᠩ ᠺᠠᠶ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠨ  ᠬᠦᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠬᠠᠮᠲᠤᠷᠠᠨ ᠠᠵᠢᠯᠯᠠᠬᠤ ᠰᠢᠨ᠎ᠡ ᠵᠠᠭᠪᠤᠷ ᠢ ᠡᠭᠦᠳᠴᠦ᠂ ︽ᠨᠠᠮ ᠤᠨ ᠡᠭᠦᠷ + ᠠᠵᠤ ᠠᠬᠤᠶᠢᠯᠠᠯ + ᠲᠠᠷᠢᠶᠠᠴᠢᠨ ᠡᠷᠦᠬᠡ︾ ᠶᠢᠨ ᠠᠷᠭ᠎ᠠ ᠮᠠᠶ᠋ᠢᠭ ᠢ ᠬᠡᠷᠡᠭᠯᠡᠨ᠂ ᠲᠣᠰ ᠭᠠᠵᠠᠷ ᠤᠨ ᠣᠨᠴᠠᠯᠢᠭ ᠳᠠᠭᠠᠨ ᠰᠠᠭᠤᠷᠢᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ  ᠠᠰᠢᠭᠯᠠᠨ᠂  ᠬᠡᠷᠬᠡᠨᠡᠭ ᠮᠥᠭᠦ ᠳᠠᠷᠢᠬᠤ ᠠᠵᠤ  ᠦᠢᠯᠡᠰ ᠢ ᠶᠡᠬᠡᠪᠡᠷ ᠬᠥᠭᠵᠢᠭᠦᠯᠵᠦ ᠪᠠᠶᠢᠨ᠎ᠠ᠃    ᠣᠶᠢᠷ᠎ᠠ ᠶᠢᠨ ᠡᠳᠦᠷ᠂ ᠰᠣᠷᠪᠣᠯᠵᠢᠯᠠᠭᠴᠢ ᠣᠷᠠᠳ ᠤᠨ ᠡᠮᠥᠨᠡᠲᠤ ᠬᠤᠰᠢᠭᠤᠨ ᠤ ᠮᠢᠩᠭᠠᠨ ᠪᠠᠯᠭᠠᠰᠣᠨ ᠤ ᠬᠡᠷᠬᠡᠨᠡᠭ ᠮᠦᠬᠦ ᠲᠠᠷᠢᠬᠤ ᠰᠠᠭᠤᠷᠢᠨ ᠭᠠᠵᠠᠷ ᠲᠤ ᠬᠦᠷᠬᠦ ᠳᠤ᠂ 30 ᠭᠠᠷᠣᠢ ᠲᠠᠷᠢᠮᠠᠯ ᠤᠨ ᠲᠣᠮᠣ ᠫᠧᠩ ᠵᠢᠭᠳᠡᠷᠡᠨ ᠬᠠᠷᠠᠭᠳᠠᠵᠤ᠂ ᠲᠣᠰᠬᠤᠨ ᠤ ᠠᠷᠠᠳ ᠲᠣᠮᠣ ᠫᠧᠩ ᠳᠤ ᠪᠠᠨ ᠬᠡᠷᠬᠡᠨᠡᠭ ᠮᠦᠬᠦ ᠪᠠᠨ ᠠᠷᠠᠴᠢᠯᠠᠨ  ᠶᠠᠭᠠᠷᠠᠯᠳᠣᠨ᠎ᠠ᠃    ᠬᠡᠷᠬᠡᠨᠡᠭ ᠮᠦᠭᠦ ᠪᠣᠯ ᠡᠮᠡᠭᠡᠯᠵᠢᠨ ᠮᠦᠬᠦ ᠶᠢᠨ ᠨᠢᠭᠡᠨ ᠲᠥᠷᠥᠯ ᠪᠠᠶᠢᠵᠤ᠂ ᠲᠡᠷᠡ ᠨᠢ  ᠢᠳᠡᠭᠡᠨ ᠡᠮ ᠬᠤᠶᠠᠷ ᠬᠡᠷᠡᠭᠴᠡᠭᠡᠲᠦ ᠮᠥᠭᠦ ᠪᠣᠯᠤᠨ᠎ᠠ᠃ ᠡᠨᠡ ᠵᠢᠯ᠂ ᠵᠠᠰᠠᠭ ᠤᠨ ᠣᠷᠳᠣᠨ ᠤ ᠵᠢᠯᠤᠭᠤᠳᠤᠯᠭ᠎ᠠ   ᠪᠠᠷ᠂ ᠥᠪᠥᠷ ᠮᠣᠩᠭᠤᠯ ᠤᠨ ᠷᠦᠢ ᠵᠢᠩ ᠺᠠᠢ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠣᠷᠠᠳ ᠤᠨ ᠡᠮᠥᠨᠡᠲᠤ ᠬᠤᠰᠢᠭᠤᠨ ᠤ ᠮᠢᠩᠭᠠᠨ ᠪᠠᠯᠭᠠᠰᠤᠨ ᠤ ᠮᠤᠤ ᠵᠢᠶᠠ ᠭᠧ ᠳ᠋ᠦ᠋ ᠲᠣᠰᠬᠤᠨ ᠤ ᠠᠷᠠᠳ ᠲᠠᠢ 476 ᠮᠦ ᠰᠤᠯᠠ ᠲᠠᠯᠪᠢᠵᠤ ᠪᠠᠶᠢᠭ᠎ᠠ ᠬᠠᠭᠤᠷᠠᠢ  ᠭᠠᠵᠠᠷ ᠲᠠᠢ ᠭᠡᠷ᠎ᠡ ᠲᠣᠭᠲᠠᠵᠤ  ᠂ ᠬᠡᠷᠬᠡᠨᠡᠭ ᠮᠦᠬᠦ ᠲᠠᠷᠢᠬᠤ ᠵᠢᠱᠢᠶ᠎ᠠ ᠦᠵᠡᠭᠦᠯᠬᠦ ᠰᠠᠭᠤᠷᠢᠨ ᠭᠠᠵᠠᠷ ᠢᠶᠠᠨ ᠪᠣᠯᠭᠠᠪᠠ᠃ ᠲᠣᠰ ᠲᠠᠷᠢᠮᠠᠯ ᠤᠨ ᠲᠣᠮᠣ ᠫᠧᠩ ᠨᠢ ᠪᠦᠷᠢᠨ ᠠᠦ᠋ᠲ᠋ᠣᠴᠢᠯᠠᠭᠰᠠᠨ ᠪᠡᠯᠡᠳᠬᠡᠮᠵᠢ ᠶᠢ ᠠᠰᠢᠭᠯᠠᠨ ᠴᠢᠭᠢᠭ ᠤᠨ ᠬᠡᠮᠵᠢᠶ᠎ᠡ ᠂ ᠳᠤᠯᠠᠭᠠᠨ ᠤ ᠬᠡᠮᠵᠢᠶ᠎ᠡ  ᠶᠢ ᠲᠣᠬᠢᠷᠠᠭᠤᠯᠳᠠᠭ ᠠᠴᠠ ᠬᠡᠷᠬᠡᠨᠡᠭ ᠮᠦᠭᠦ ᠳᠤ ᠲᠣᠬᠢᠷᠠᠮᠵᠢᠲᠠᠶ ᠥᠰᠥᠯᠲᠡ ᠶᠢᠨ ᠣᠷᠴᠢᠨ  ᠢ  ᠬᠠᠩᠭᠠᠳᠠᠭ ᠪᠠᠶᠢᠨ᠎ᠠ᠃      ᠣᠷᠠᠳ ᠤᠨ ᠡᠮᠥᠨᠡᠲᠤ ᠬᠤᠰᠢᠭᠤᠨ ᠤ ᠮᠢᠩᠭᠠᠨ ᠪᠠᠯᠭᠠᠰᠣᠨ ᠳᠤ ᠣᠳᠣᠬᠠᠨ ᠪᠣᠯᠲᠠᠯ᠎ᠠ ᠨᠢᠭᠡᠨᠲᠡ 100 ᠲᠣᠮᠣ ᠮᠦᠬᠦ ᠲᠠᠷᠢᠬᠤ ᠫᠧᠩ ᠪᠠᠶᠢᠭᠤᠯᠵᠠᠢ᠃ ᠬᠤᠷᠰᠢᠶᠠᠵᠢᠯ ᠨᠢ ︽ᠨᠠᠮ ᠤᠨ ᠡᠭᠦᠷ + ᠠᠵᠤ ᠠᠬᠤᠶᠢᠯᠠᠯ + ᠲᠠᠷᠢᠶᠠᠴᠢᠨ ᠡᠷᠦᠬᠡ︾ ᠶᠢᠨ ᠠᠵᠢᠯᠯᠠᠭᠠᠨ ᠤ ᠬᠡᠯᠪᠡᠷᠢ ᠪᠠᠷ ᠺᠣᠮᠫᠠᠨᠢ ᠠᠴᠠ ᠵᠠᠬᠢᠶᠠᠯᠠᠭ᠎ᠠ ᠶᠢᠨ ᠬᠡᠯᠪᠡᠷᠢ ᠢᠶᠠᠷ ᠡᠳᠡᠭᠡᠷ ᠮᠦᠬᠦ ᠶᠢ ᠵᠢᠱᠢᠶ᠎ᠠ ᠦᠵᠡᠭᠦᠯᠦᠨ ᠪᠣᠷᠣᠯᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠥᠷᠲᠡᠭ ᠢ  ᠬᠦᠢᠴᠡᠳ ᠳᠠᠶᠢᠴᠢᠯᠠᠨ᠂ ᠰᠤᠯᠠ ᠪᠠᠶᠢᠭ᠎ᠠ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠣᠶᠢᠷ᠎ᠠ ᠬᠠᠪᠢ ᠶᠢᠨ ᠰᠠᠭᠤᠭᠠᠯᠠᠢ ᠠᠷᠠᠳ ᠲᠤ ᠬᠥᠯᠥᠰᠥᠨ ᠠᠵᠢᠯ ᠬᠠᠩᠭᠠᠵᠤ  ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ