ᠬᠤᠨᠴᠢᠷ ᠲᠠᠷᠢᠵᠦ ᠪᠠᠶᠠᠵᠢᠯ ᠤᠨ ᠵᠠᠮ ᠢᠶᠠᠨ ᠥᠷᠭᠡᠳᠬᠡᠪᠡ
ᠨᠡᠶᠢᠲᠡᠯᠡᠭᠰᠡᠨ ᠴᠠᠭ᠄
2021/11/15
   ᠣᠳᠣᠬᠠᠨ ᠪᠣᠯ ᠶᠠᠭ ᠬᠤᠨᠴᠢᠷ ᠬᠤᠷᠢᠶᠠᠬᠤ ᠤᠯᠠᠷᠢᠯ ᠪᠤᠯᠤᠨ᠎ᠠ᠂ ᠣᠷᠠᠳ ᠤᠨ ᠡᠮᠥᠨᠡᠲᠤ ᠬᠤᠰᠢᠭᠤᠨ ᠤ ᠮᠢᠩᠭᠠᠨ ᠪᠠᠯᠭᠠᠰᠤᠨ ᠳᠤ᠂ ᠲᠣᠮᠣ ᠮᠠᠰᠢᠨ ᠲᠠᠷᠢᠶᠠᠨ ᠲᠣᠮᠳᠠ ᠬᠤᠷᠢᠶᠠᠯᠲᠠ ᠬᠢᠵᠤ᠂ ᠲᠠᠷᠢᠶᠠᠴᠢᠳ ᠲᠡᠷᠭᠡ ᠲᠡᠷᠭᠡ ᠣᠪᠣᠭᠠᠯᠠᠰᠣᠲᠠᠢ ᠬᠤᠨᠴᠢᠷ ᠢᠶᠠᠨ ᠬᠤᠳᠠᠯᠳᠣᠵᠣ ᠶᠠᠭᠠᠷᠠᠯᠳᠣᠨ᠎ᠠ᠃    ᠣᠷᠠᠳ ᠤᠨ ᠡᠮᠥᠨᠡᠲᠣ ᠬᠤᠰᠢᠭᠤᠨ ᠤ ᠮᠤᠤ ᠱᠧᠩ ᠶᠧ ᠲᠠᠷᠢᠶᠠᠯᠠᠩ ᠠᠷᠠᠯᠵᠢᠶᠠᠨ ᠤ ᠲᠤᠰᠬᠠᠶ ᠬᠤᠷᠰᠢᠶᠠᠵᠢᠯ ᠳᠤ᠂ ᠵᠢᠶᠠ ᠡᠯ ᠫᠢᠩ ᠶᠠᠭ ᠲᠣᠰᠬᠤᠨ ᠤ ᠠᠷᠠᠳ ᠲᠠᠢ ᠪᠠᠨ ᠬᠤᠳᠠᠯᠳᠤᠵᠤ  ᠪᠠᠶᠢᠭ᠎ᠠ ᠬᠤᠨᠴᠢᠷ ᠢᠶᠠᠨ ᠵᠢᠩᠨᠡᠵᠦ᠂ ᠳᠠᠩᠰᠠ ᠪᠠᠨ ᠪᠤᠳᠤᠵᠤ ᠪᠠᠶᠢᠪᠠ᠃ ᠡᠨᠡ ᠵᠢᠯ ᠤᠨ ᠮᠤᠤ ᠱᠧᠩ ᠲᠠᠷᠢᠶᠠᠯᠠᠩ ᠠᠷᠠᠯᠵᠢᠶᠠᠨ ᠤ ᠲᠤᠰᠬᠠᠶ ᠬᠤᠷᠰᠢᠶᠠᠵᠢᠯ ᠤᠨ ᠲᠠᠷᠢᠭᠰᠠᠨ ᠬᠤᠨᠴᠢᠷ ᠤᠨ ᠤᠷᠭᠤᠴᠠ ᠪᠠ ᠶᠠᠰᠤ ᠴᠢᠨᠠᠷ ᠨᠢ ᠴᠥᠮ ᠮᠠᠰᠢ ᠰᠠᠶᠢᠨ ᠪᠠᠶᠢᠵᠤ᠂ ᠭᠠᠳᠠᠷ ᠣᠷᠣᠨ ᠤ ᠬᠤᠳᠠᠯᠳᠤᠭᠠᠴᠢᠨ ᠳᠤ ᠶᠡᠬᠡᠳᠡ ᠲᠠᠭᠠᠯᠠᠭᠳᠠᠪᠠ᠃    ᠣᠷᠠᠳ ᠤᠨ ᠡᠮᠥᠨᠡᠲᠤ ᠬᠤᠰᠢᠭᠤᠨ ᠤ ᠮᠢᠩᠭᠠᠨ ᠪᠠᠯᠭᠠᠰᠤᠨ  ᠤ ᠯᠢᠦ ᠹᠧᠨ ᠽᠢ ᠲᠣᠰᠬᠤᠨ ᠤ ᠬᠡᠷᠡᠯ ᠤᠨ ᠲᠤᠰᠤᠯᠲᠠ ᠬᠦᠢᠴᠡᠳ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠬᠥᠷᠥᠰᠥ ᠰᠢᠷᠣᠶ ᠥᠩ ᠰᠢᠮᠡᠯᠢᠭ᠂ ᠭᠠᠵᠠᠷ ᠳᠤᠤᠷᠠᠬᠢ ᠤᠰᠤᠨ ᠤ ᠲᠦᠪᠰᠢᠨ ᠨᠡᠯᠢᠶᠡᠳ ᠳᠤᠤᠷ᠎ᠠ᠂ ᠡᠯᠡᠰᠦᠷᠭᠡᠭ ᠭᠠᠵᠠᠷ  ᠲᠤ ᠬᠠᠷᠢᠶᠠᠯᠠᠭᠳᠠᠳᠠᠭ ᠠᠴᠠ ᠬᠤᠨᠴᠢᠷ ᠤᠷᠭᠤᠬᠤ ᠳᠤ ᠲᠣᠬᠢᠷᠠᠮᠵᠢᠲᠠᠶ ᠪᠠᠶᠢᠳᠠᠭ᠃ ᠡᠨᠡ ᠵᠢᠯ᠂ ᠮᠤᠤ ᠱᠧᠩ ᠲᠠᠷᠢᠶᠠᠯᠠᠩ  ᠠᠷᠠᠯᠵᠢᠶᠠᠨ ᠤ ᠲᠤᠰᠬᠠᠶ ᠬᠤᠷᠰᠢᠶᠠᠵᠢᠯ ᠠᠳᠡ 5000 ᠮᠥ ᠬᠤᠨᠴᠢᠷ ᠳᠠᠷᠢᠵᠤ᠂ ᠡᠯᠪᠡᠭ ᠪᠠᠶᠠᠯᠢᠭ ᠲᠠᠷᠢᠮᠠᠯ ᠤᠨ ᠲᠤᠷᠰᠢᠯᠭ᠎ᠠ ᠪᠣᠯᠤᠨ  ᠨᠠᠷᠢᠯᠢᠭ ᠬᠠᠮᠢᠶᠠᠷᠤᠯᠲᠠ ᠨᠢ ᠲᠡᠳᠡᠭᠡᠷ ᠤᠨ ᠲᠠᠷᠢᠭᠰᠠᠨ ᠬᠤᠨᠴᠢᠷ ᠤᠨ ᠤᠨᠠᠯᠲᠠ ᠨᠢ ᠨᠡᠶᠢᠳᠡᠮ ᠳᠡᠭᠡᠨ ᠨᠡᠯᠢᠶᠡᠳ ᠥᠨᠳᠥᠷ ᠪᠣᠯᠣᠭᠰᠠᠨ ᠪᠠᠶᠢᠨ᠎ᠠ᠃  ᠲᠡᠳᠡ ᠪᠠᠰᠠ ︽ᠬᠤᠷᠰᠢᠶ᠎ᠠ + ᠺᠣᠮᠫᠠᠨᠢ + ᠲᠠᠷᠢᠶᠠᠴᠢᠨ ᠡᠷᠦᠬᠡ︾ ᠶᠢᠨ ᠬᠡᠯᠪᠡᠷᠢ ᠪᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠨᠠᠩ ᠣᠯᠠᠨ ᠲᠠᠷᠢᠶᠠᠴᠢᠨ ᠡᠷᠦᠬᠡ ᠶᠢ ᠳᠠᠭᠠᠭᠤᠯᠤᠨ ᠬᠠᠮᠲᠤ ᠪᠠᠷ ᠬᠤᠨᠴᠢᠷ ᠳᠠᠷᠢᠵᠤ᠂ ᠬᠡᠪᠴᠢᠶᠡᠵᠢᠭᠰᠡᠨ᠂ ᠴᠢᠨᠠᠷ ᠰᠠᠶᠢᠲᠠᠶ ᠤᠨᠴᠠᠯᠢᠬᠳᠤ ᠲᠠᠷᠢᠮᠠᠯ ᠢ ᠬᠥᠭᠵᠢᠭᠦᠯᠵᠦ᠂  ᠮᠢᠩᠭᠠᠨ ᠪᠠᠯᠭᠠᠰᠣᠨ ᠤ  ᠬᠤᠨᠴᠢᠷ ᠤᠨ ᠨᠠᠷᠠᠲᠤ ᠲᠡᠮᠳᠡᠭ ᠢ ᠡᠭᠦᠳᠬᠦ ᠪᠠᠷ ᠪᠥᠬᠦ ᠬᠦᠴᠦᠨ ᠢᠶᠠᠷ ᠢᠶᠠᠨ  ᠴᠢᠷᠮᠠᠶᠢᠪᠠ᠃    2021 ᠣᠨ ᠳᠤ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤᠨ ᠤ ᠮᠤᠤ ᠱᠧᠩ ᠲᠠᠷᠢᠶᠠᠯᠠᠩ  ᠠᠷᠠᠯᠵᠢᠶᠠᠨ ᠤ ᠲᠤᠰᠬᠠᠶ ᠬᠤᠷᠰᠢᠶᠠᠵᠢᠯ ᠶᠡᠭᠡ ᠬᠡᠮᠵᠢᠶᠡᠨ ᠤ ᠭᠠᠵᠠᠷ ᠰᠢᠷᠣᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ 50 ᠭᠠᠷᠤᠶ ᠲᠠᠷᠢᠶᠠᠴᠢᠨ ᠡᠷᠦᠬᠡ ᠶᠢ ᠳᠠᠶᠢᠴᠢᠯᠠᠨ ᠬᠤᠷᠰᠢᠶᠠᠵᠢᠯ ᠳᠤ ᠣᠷᠣᠭᠤᠯᠤᠨ ᠨᠠᠶᠢᠳᠠᠨ ᠬᠠᠮᠢᠶᠠᠷᠠᠭᠤᠯᠵᠣ᠂ ᠣᠳᠣᠬᠠᠨ ᠳᠤ ᠬᠤᠨᠴᠢᠷ ᠢ ᠨᠠᠶᠢᠳᠠᠨ ᠬᠠᠮᠢᠶᠠᠷᠤᠭᠤᠯᠬᠤ ᠲᠠᠯᠠᠪᠠᠶ ᠨᠢ 5000 ᠮᠥ ᠳᠤ ᠬᠦᠷᠴᠡᠶ᠃ ᠬᠤᠷᠰᠢᠶᠠᠵᠢᠯ ᠤᠨ ᠬᠢᠨ ᠪᠠᠰᠠ 650 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠯᠢᠦ ᠹᠧᠨ ᠽᠢ ᠲᠣᠰᠬᠤᠨ ᠳᠤ 25 ᠮᠦ ᠲᠠᠯᠠᠪᠠᠢ ᠲᠠᠢ ᠬᠤᠷᠢᠶᠠᠨ ᠬᠠᠳᠠᠭᠠᠯᠠᠬᠤ᠂ ᠡᠳ᠋ᠰᠢᠭᠦᠯᠬᠦ᠂ ᠠᠷᠠᠯᠵᠢᠶᠠᠯᠠᠬᠤ ᠶᠢ ᠨᠢᠭᠡ ᠴᠣᠭᠴᠠᠵᠢᠭᠤᠯᠤᠭᠰᠠᠨ ᠬᠤᠨᠴᠢᠷ ᠬᠥᠮᠥᠷᠭᠡᠯᠡᠵᠦ ᠠᠷᠠᠯᠵᠢᠶᠠᠯᠠᠬᠤ ᠵᠠᠬ᠎ᠠ ᠳᠡᠯᠭᠡᠭᠦᠷ   ᠢ  ᠪᠠᠶᠢᠭᠤᠯᠪᠠ᠃ ᠣᠳᠣᠬᠠᠨ ᠳᠤ ᠲᠣᠰ ᠠᠷᠠᠯᠵᠢᠶᠠᠨ ᠤ ᠵᠠᠬ᠎ᠠ ᠳᠡᠯᠭᠡᠭᠦᠷ ᠨᠢᠭᠡᠨᠲᠡ ᠠᠰᠢᠭᠯᠠᠯᠲᠠ ᠳᠤ ᠣᠷᠣᠵᠤ᠂ ᠡᠷᠬᠢᠨ ᠲᠣᠭᠤᠷᠢᠨ ᠤ ᠲᠠᠷᠢᠮᠠᠯ ᠤᠨ ᠡᠷᠦᠬᠡ ᠳᠤ ᠪᠦᠲᠦᠭᠡᠭᠳᠡᠬᠦᠨ ᠤ ᠠᠷᠠᠯᠵᠢᠶᠠᠨ ᠤ ᠲᠠᠪᠴᠠᠩ᠂ ᠬᠥᠮᠥᠷᠭᠡᠯᠡᠨ ᠬᠠᠳᠠᠭᠠᠯᠠᠬᠤ ᠨᠥᠬᠦᠴᠡᠯ ᠪᠠ ᠶᠡᠭᠡ ᠬᠡᠮᠵᠢᠶᠡᠨ ᠤ ᠠᠵᠢᠯ ᠤᠯᠬᠤ ᠲᠣᠬᠢᠶᠠᠯ ᠢ ᠬᠠᠩᠭᠠᠵᠤ  ᠲᠣᠬᠠᠢ  ᠶᠢᠨ ᠭᠠᠵᠠᠷ ᠤᠨ ᠲᠠᠷᠢᠶᠠᠴᠢᠳ ᠲᠤ ᠬᠤᠣᠰ ᠣᠷᠣᠯᠭ᠎ᠠ ᠶᠢ ᠡᠭᠦᠳᠪᠡ᠃ ᠠᠷᠠᠯᠵᠢᠶᠠᠨ ᠤ ᠵᠠᠬ᠎ᠠ ᠳᠡᠯᠭᠡᠭᠦᠷ ᠵᠢᠱᠢᠯᠲᠡ ᠪᠠᠷ ᠵᠢᠯ ᠤᠨ ᠬᠤᠳᠠᠯᠳᠤᠨ ᠠᠪᠴᠤ ᠨᠥᠭᠡᠴᠡᠯᠡᠬᠦ ᠬᠤᠨᠴᠢᠷ ᠢ 800 ᠲᠣᠨ ᠳᠤ ᠬᠦᠷᠦᠭᠦᠯᠵᠦ᠂ ᠵᠢᠯ ᠤᠨ ᠠᠷᠠᠯᠵᠢᠶᠠᠨ ᠤ ᠲᠤᠭ᠎ᠠ ᠶᠢ 15002000 ᠲᠣᠨ ᠪᠡᠶᠡᠯᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠯ ᠤᠨ ᠣᠷᠣᠯᠭ᠎ᠠ ᠶᠢ 6 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠭᠦᠯᠬᠦ ᠶᠢ  ᠠᠬᠢᠭᠤᠯᠣᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠡᠨᠡ ᠵᠢᠯ ᠳᠤ ᠮᠤᠤ ᠱᠧᠩ ᠶᠧ ᠲᠠᠷᠢᠶᠠᠯᠠᠩ ᠠᠷᠠᠯᠵᠢᠶᠠᠨ ᠤ ᠲᠤᠰᠬᠠᠶ ᠬᠤᠷᠰᠢᠶᠠᠵᠢᠯ 5000 ᠮᠥ ᠬᠤᠨᠴᠢᠷ ᠳᠠᠷᠢᠵᠤ᠂ ᠦᠨ᠎ᠡ ᠨᠢ 3 . 3 ᠲᠥᠭᠦᠷᠢᠭ ᠣᠷᠴᠢᠮ  ᠬᠦᠷᠦᠨ᠂ ᠮᠥ ᠪᠦᠷᠢ ᠶᠢᠨ ᠤᠨᠠᠯᠲᠠ ᠨᠢ 1400 - 1500 ᠵᠢᠩ ᠳᠤ  ᠬᠦᠷᠪᠡ  ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ