2021 ᠣᠨ ᠳᠤ ᠡᠪᠦᠯ ᠤᠷᠤᠭᠰᠠᠨ ᠠᠴᠠ ᠨᠠᠭᠠᠰᠢ᠂ ᠨᠡᠭᠦᠷᠡᠰᠦᠨ ᠤ ᠦᠨ᠎ᠡ ᠬᠠᠩᠰᠢ ᠶᠡᠭᠡ ᠪᠠᠷ ᠥᠰᠴᠦ᠂ ᠪᠠᠭᠤᠷᠠᠰᠢ ᠦᠭᠡᠢ ᠦᠨ᠎ᠡ ᠬᠠᠩᠰᠢ ᠨᠢ | ᠦᠨᠳᠦᠰᠦᠨ ᠱᠠᠲᠤᠨ ᠤ ᠤᠯᠠᠨ ᠲᠦᠮᠡᠨ ᠤ ᠳᠤᠯᠠᠭᠠᠯᠠᠭ᠎ᠠ ᠶᠢᠨ ᠬᠡᠷᠡᠭᠴᠡᠭᠡ ᠶᠢ ᠬᠦᠨᠳᠦ ᠨᠣᠴᠢᠲᠠᠢ ᠨᠥᠯᠥᠭᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠠᠴᠠ᠄ ︽ᠲᠠᠷᠢᠶᠠᠴᠢᠨ ᠮᠠᠯᠴᠢᠳ ᠤᠨ ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ 2 ᠲᠣᠨ ᠠᠴᠠ ᠳᠤᠲᠠᠭᠤ ᠦᠭᠡᠶ ᠡᠩ ᠤᠨ | ᠦᠨ᠎ᠡ ᠶᠢᠨ ᠨᠡᠭᠦᠷᠡᠰᠦ ᠬᠠᠩᠭᠠᠵᠤ᠂ ᠲᠠᠷᠢᠶᠠᠴᠢᠨ ᠮᠠᠯᠴᠢᠳ ᠤᠨ ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ ᠨᠡᠭᠦᠷᠡᠰᠦ ᠰᠢᠲᠠᠭᠠᠬᠤ᠂ ᠬᠤᠳᠠᠯᠳᠤᠨ ᠠᠪᠴᠤ | ᠳᠡᠶᠢᠯᠬᠦ ᠶᠢ ᠦᠨᠡᠨᠬᠦ ᠪᠠᠲᠤᠯᠠᠵᠤ᠂ ᠲᠠᠷᠢᠶᠠᠴᠢᠨ ᠮᠠᠯᠴᠢᠳ ᠢ ᠳᠤᠯᠠᠭᠠᠬᠠᠨ ᠡᠪᠦᠯᠵᠢᠭᠦᠯᠬᠦ ᠬᠡᠷᠡᠭᠲᠡᠶ﹀﹀ ᠬᠡᠵᠦ ᠲᠤᠭᠳᠠᠭᠠᠭᠰᠠᠨ ᠪᠠᠶᠢᠨ᠎ᠠ᠃ ᠪᠠᠷᠠᠭᠤᠨ ᠪᠠᠭ᠎ᠠ ᠵᠣᠣ | ᠪᠠᠯᠭᠠᠰᠤᠨ ᠤ ︽ᠰᠡᠳᠬᠢᠯ ᠢ ᠲᠤᠯᠠᠭᠠᠴᠠᠭᠤᠯᠬᠤ ᠨᠡᠭᠦᠷᠡᠰᠦ︾ ᠬᠤᠳᠠᠯᠳᠤᠨ ᠠᠪᠬᠤ ᠠᠵᠢᠯ ᠢ ᠥᠨᠳᠥᠷ ᠪᠦᠲᠦᠮᠵᠢᠲᠡᠶ ᠲᠣᠭᠲᠠᠭᠤᠨ ᠢᠶᠠᠷ ᠥᠷᠨᠢᠭᠦᠯᠬᠦ ᠶᠢ ᠤᠯᠠᠮ | ᠨᠢᠭᠡ ᠠᠯᠬᠤᠮ ᠪᠠᠲᠤᠯᠠᠬᠤ ᠶᠢᠨ ᠲᠥᠯᠥᠭᠡ᠂ ᠪᠠᠷᠠᠭᠤᠨ ᠪᠠᠭ᠎ᠠ ᠵᠣᠣ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠠᠯᠪᠠᠨ ᠬᠡᠷ | ᠴᠠᠭ ᠲᠤᠬᠠᠶ ᠳᠤᠨᠢ ᠬᠥᠳᠡᠯᠦᠯᠴᠡᠵᠦ᠂ ᠲᠣᠰᠬᠤᠨ ᠬᠤᠷᠰᠢᠶ᠎ᠠ ᠳᠤ ᠣᠷᠣᠵᠤ ︽ᠰᠡᠳᠬᠢᠯ ᠢ ᠲᠤᠯᠠᠭᠠᠴᠠᠭᠤᠯᠬᠤ ᠨᠡᠭᠦᠷᠡᠰᠦ︾ ᠬᠤᠳᠠᠯᠳᠤᠨ ᠠᠪᠬᠤ ᠶᠢ ᠬᠢᠨᠠᠨ | ᠵᠢᠯᠣᠭᠤᠳᠪᠠ᠃ | ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠭᠤᠯᠭᠠᠭᠰᠠᠨ ︽ᠰᠡᠳᠬᠢᠯ ᠢ ᠲᠤᠯᠠᠭᠠᠴᠠᠭᠤᠯᠬᠤ ᠨᠡᠭᠦᠷᠡᠰᠦ︾ ᠶᠢᠨ ᠬᠠᠩᠭᠠᠯᠭ᠎ᠠ ᠶᠢ ᠪᠠᠲᠤᠯᠠᠬᠤ | ᠲᠥᠰᠦᠯ ᠶᠣᠰᠣᠭᠠᠷ᠂ ᠬᠤᠳᠠᠯᠳᠤᠨ ᠠᠪᠬᠤ ᠠᠵᠢᠯ ᠳᠤ ᠲᠠᠷᠢᠶᠠᠴᠢᠨ ᠡᠷᠦᠬᠡ ᠡᠷᠬᠡᠪᠰᠢ ᠲᠤᠬᠠᠶ ᠶᠢᠨ ᠲᠠᠯᠠᠪᠤᠷ ᠲᠤ ᠰᠦᠢᠳᠬᠡᠯ ᠲᠤᠰᠢᠶᠠᠵᠤ᠂ ᠡᠯ᠎ᠡ ᠲᠣᠰᠬᠤᠨ ᠤ | ᠠᠷᠠᠳ ᠤᠨ ᠵᠥᠪᠯᠡᠯ ᠠᠴᠠ ᠨᠡᠷ᠎ᠡ ᠪᠠᠨ ᠲᠣᠳᠣᠷᠬᠠᠶᠢᠯᠠᠨ᠂ ᠨᠢᠭᠡᠳᠦᠯᠲᠡᠶ ᠬᠤᠷᠢᠶᠠᠭᠰᠠᠨ ᠤ ᠳᠠᠷᠠᠭ᠎ᠠ ᠪᠠᠯᠭᠠᠰᠤᠨ ᠤ ᠵᠠᠰᠠᠭ ᠤᠨ ᠣᠷᠳᠣᠨ ᠤ ᠲᠣᠭᠲᠠᠭᠠᠭᠰᠠᠨ ᠲᠠᠩᠰᠠᠨ | ᠡᠷᠦᠬᠡ ᠳᠤ ᠲᠤᠰᠢᠶᠠᠵᠤ᠂ ᠪᠠᠯᠭᠠᠰᠤᠨ ᠤ ᠵᠠᠰᠠᠭ ᠤᠨ ᠣᠷᠳᠣᠨ ᠲᠡᠬᠢᠨ ᠨᠡᠭᠦᠷᠡᠰᠦᠨ ᠠᠭᠤᠷᠬᠠᠶ ᠠᠴᠠ ᠨᠢᠭᠡᠳᠦᠯᠲᠡᠶ ᠬᠤᠳᠠᠯᠳᠤᠨ ᠠᠪᠤᠨ᠎ᠠ᠃ ᠡᠳ᠋ ᠤᠨ ᠶᠠᠪᠤᠳᠠᠯ ᠤᠨ | ᠲᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠬᠤ ᠶᠢᠨ ᠲᠥᠯᠥᠭᠡ᠂ ᠪᠠᠯᠭᠠᠰᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠᠯᠭᠠᠰᠤᠨ ᠤ ᠡᠳ᠋ ᠤᠨ ᠵᠠᠰᠠᠭ ᠤᠨ ᠭᠠᠵᠠᠷ ᠤᠨ ᠠᠵᠢᠯᠲᠠᠨ ᠢ ᠳᠠᠭᠠᠭᠤᠯᠤᠨ 11 ᠵᠠᠰᠠᠭ ᠵᠠᠬᠢᠷᠭᠠᠨ ᠤ ᠲᠣᠰᠬᠤᠨ ᠳᠤ | ᠬᠦᠷᠴᠦ ᠡᠳ᠋ ᠤᠨ ᠶᠠᠪᠤᠳᠠᠯ ᠤᠨ ᠠᠵᠢᠯ ᠤᠨ ᠵᠢᠯᠣᠭᠤᠳᠣᠯᠭ᠎ᠠ ᠥᠷᠨᠢᠭᠦᠯᠦᠨ᠂ ᠲᠠᠷᠢᠶᠠᠴᠢᠨ ᠡᠷᠦᠬᠡ ᠶᠢᠨ ᠲᠤᠰᠢᠶᠠᠬᠤ ᠪᠠᠯᠠ ᠮᠥᠩᠭᠦ ᠶᠢ ᠨᠡᠭᠦᠯᠭᠡᠨ ᠬᠡᠷᠡᠭᠯᠡᠬᠦ᠂ | ᠡᠵᠡᠯᠡᠨ ᠬᠡᠷᠡᠭᠯᠡᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃ | ᠬᠢᠨᠠᠨ ᠵᠢᠯᠣᠭᠤᠳᠴᠤ ᠪᠠᠶᠢᠴᠠᠭᠠᠬᠤ ᠠᠵᠢᠯ ᠲᠠᠢ ᠤᠶᠠᠯᠳᠤᠭᠤᠯᠤᠨ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠠᠯᠪᠠᠨ | ᠬᠡᠷ ᠨᠢ ᠲᠣᠬᠢᠷᠠᠮᠵᠢᠲᠠᠶ ᠴᠠᠭ ᠲᠤ ᠬᠥᠳᠡᠭᠡ ᠲᠣᠰᠬᠤᠨ ᠳᠤ ᠬᠦᠷᠴᠦ ᠨᠠᠮ ᠤᠨ ᠰᠤᠷᠲᠠᠯ ᠴᠢᠬᠡᠴᠢ ᠵᠠᠰᠠᠭ ᠤᠨ ᠬᠥᠮᠦᠵᠢᠯ ᠢ ᠥᠷᠨᠢᠭᠦᠯᠵᠦ᠂ ᠭᠤᠤᠯᠳᠠᠯᠭ᠎ᠠ ᠲᠠᠢ | ᠠᠵᠢᠯ ᠤᠨ ᠳᠤᠮᠳᠠ ᠬᠥᠳᠡᠭᠡ ᠲᠣᠰᠬᠤᠨ ᠤ ᠺᠠᠳ᠋ᠷ ᠲᠤ ᠪᠣᠳᠠᠲᠠᠶ ᠱᠠᠭᠠᠷᠳᠠᠯᠭ᠎ᠠ ᠳᠤᠷᠠᠳᠴᠤ᠂ ᠠᠵᠢᠯ ᠤᠨ ᠨᠢᠭᠡᠳᠦᠭᠡᠷ ᠹᠷᠣᠨᠲ ᠲᠠᠬᠢ ᠨᠠᠮ ᠤᠨ ᠰᠤᠷᠲᠠᠯ ᠴᠢᠬᠡᠴᠢ | ᠵᠠᠰᠠᠭ ᠤᠨ ᠬᠥᠮᠦᠵᠢᠯ ᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠶᠢ ᠠᠬᠢᠭᠤᠯᠪᠠ᠃ |