ᠬᠢᠨᠠᠯᠲᠠ ᠲᠠᠯᠪᠢᠬᠤ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠢᠭᠤᠨ ᠴᠢᠬᠡᠴᠢ ᠪᠠᠷ | ᠵᠠᠰᠠᠭ ᠪᠠᠷᠢᠬᠤ ᠲᠦᠭᠰᠢᠭᠦᠷᠢ ᠶᠢ ᠦᠨᠡᠨ ᠬᠦ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠶᠢᠨ ᠵᠢᠯ ᠳᠤ᠂ ᠮᠤᠨᠠ ᠠᠭᠤᠯᠠ ᠶᠢᠨ ᠴᠠᠬᠢᠯᠭᠠᠨ ᠭᠠᠷᠭᠠᠬᠤ ᠦᠢᠯᠡᠳᠪᠦᠷᠢ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠪᠣᠳᠠᠲᠠᠶ ᠪᠥᠭᠡᠳ ᠨᠠᠷᠢᠯᠢᠭ ᠬᠢᠵᠦ᠂ ᠭᠤᠤᠯᠳᠠᠯᠭ᠎ᠠ ᠲᠠᠢ ᠰᠠᠯᠠᠭ᠎ᠠ | ᠮᠥᠴᠢᠷ᠂ ᠴᠢᠬᠤᠯᠠ ᠵᠦᠢᠯᠡᠰ ᠤᠨ ᠠᠷᠢᠭᠤᠨ ᠴᠢᠬᠡᠴᠢ ᠶᠢᠨ ᠲᠦᠭᠰᠢᠭᠦᠷᠢ ᠶᠢᠨ ᠴᠡᠭ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ ᠡᠮᠬᠢᠯᠡᠨ᠂ | ᠡᠷᠬᠡ ᠶᠢᠨ ᠵᠢᠷᠤᠮᠵᠢᠭᠤᠨ ᠠᠵᠢᠯᠯᠠᠭᠠᠨ ᠢ ᠦᠨᠡᠨ ᠬᠦ ᠪᠠᠲᠤᠯᠠᠪᠠ᠃ | ᠲᠤᠰ ᠦᠢᠯᠡᠳᠪᠦᠷᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠰᠡᠷᠡᠮᠵᠢᠯᠡᠭᠦᠯᠬᠦ ᠬᠥᠮᠦᠵᠢᠯ ᠢᠶᠠᠷ ᠠᠴᠢᠶᠠᠯᠠᠪᠤᠷᠢ ᠪᠣᠯᠭᠠᠵᠤ᠂ ᠲᠥᠪᠯᠡᠷᠡᠭᠦᠯᠦᠨ ᠰᠤᠷᠤᠯᠴᠠᠬᠤ | ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠡᠷᠡᠭ ᠢᠶᠠᠷ ᠰᠡᠷᠡᠮᠵᠢᠯᠡᠭᠦᠯᠬᠦ ᠪᠠᠷ ᠳᠠᠮᠵᠢᠭᠤᠯᠤᠨ᠂ ᠤᠯᠠᠨ ᠳᠤ ᠭᠦᠨᠵᠡᠭᠡᠢ ᠰᠤᠷᠭᠠᠮᠵᠢ ᠥᠭᠴᠦ᠂ | ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ︔ ᠡᠭᠦᠷᠭᠡ ᠴᠢᠳᠠᠪᠤᠷᠢ ᠶᠢᠨ ᠬᠢᠨᠠᠯᠲᠠ ᠲᠠᠯᠪᠢᠬᠤ ᠪᠠᠷ ᠭᠠᠷᠳᠠᠵᠤ᠂ | ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠠ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠣᠰᠣᠭᠠᠷ᠂ ᠶᠠᠷᠢᠯᠴᠠᠨ ᠰᠣᠯᠢᠯᠴᠠᠬᠤ᠂ ᠰᠤᠭᠤᠴᠢᠨ ᠪᠠᠶᠢᠴᠠᠭᠠᠬᠤ | ᠵᠡᠷᠭᠡ ᠠᠷᠭ᠎ᠠ ᠮᠠᠶ᠋ᠢᠭ ᠢ ᠠᠪᠴᠤ᠂ ᠡᠯ᠎ᠡ ᠰᠠᠯᠠᠭ᠎ᠠ ᠮᠥᠴᠢᠷ ᠤᠨ ᠦᠢᠯᠡᠳᠪᠦᠷᠢᠯᠡᠯ ᠡᠵᠡᠩᠨᠡᠯᠲᠡ᠂ ᠰᠠᠭᠤᠷᠢ ᠬᠠᠮᠢᠶᠠᠷᠤᠯᠲᠠ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ | ᠪᠠ ᠵᠠᠩᠭᠢᠯᠠᠭ᠎ᠠ ᠶᠢᠨ ᠲᠠᠯ᠎ᠠ ᠵᠡᠷᠭᠡ ᠲᠠᠯ᠎ᠠ ᠪᠠᠷ ᠣᠷᠣᠰᠢᠵᠤ ᠪᠠᠢᠭ᠎ᠠ ᠠᠰᠠᠭᠤᠳᠠᠯ ᠢ ᠬᠦᠴᠦᠯᠡᠨ ᠢᠯᠡᠷᠡᠭᠦᠯᠵᠦ᠂ 60 ᠭᠤᠤᠯᠳᠠᠯᠭ᠎ᠠ ᠲᠠᠢ ᠬᠢᠨᠠᠯᠲᠠ ᠲᠠᠯᠪᠢᠬᠤ ᠵᠦᠢᠯᠡᠰ | ᠢ ᠬᠢᠨᠠᠮᠠᠭᠠᠶ ᠪᠠᠶᠢᠴᠠᠭᠠᠨ ᠡᠮᠬᠢᠯᠡᠵᠦ᠂ ᠬᠢᠨᠠᠯᠲᠠ ᠲᠠᠯᠪᠢᠬᠤ ᠳᠤ ᠦᠨᠴᠦᠭ ᠪᠤᠯᠤᠩ ᠦᠯᠡᠳᠡᠬᠡᠬᠦ ᠦᠬᠡᠢ ᠪᠠᠶᠢᠵᠤ᠂ ᠴᠢᠬᠡᠴᠢ ᠵᠠᠰᠠᠭ ᠤᠨ ᠲᠦᠭᠰᠢᠭᠦᠷᠢ ᠶᠢ ᠵᠢᠭᠰᠠᠭᠠᠨ | ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠪᠠ᠃ |