ᠮᠤᠨᠠ ᠠᠭᠤᠯᠠ ᠶᠢᠨ ᠴᠠᠬᠢᠯᠭᠠᠨ ᠭᠠᠷᠭᠠᠬᠤ ᠦᠢᠯᠡᠳᠪᠦᠷᠢ ᠠᠷᠢᠭᠤᠨ ᠴᠢᠬᠡᠴᠢ ᠶᠢᠨ ᠬᠠᠮᠠᠭᠠᠯᠠᠯᠲᠠ ᠶᠢᠨ ᠲᠤᠤᠷ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2021/11/15
     ᠬᠢᠨᠠᠯᠲᠠ ᠲᠠᠯᠪᠢᠬᠤ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠦᠨᠡᠨ ᠬᠦ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠶᠢᠨ ᠵᠢᠯ ᠳᠤ᠂ ᠮᠤᠨᠠ ᠠᠭᠤᠯᠠ ᠶᠢᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠶᠢ ᠪᠣᠳᠠᠲᠠᠶ ᠪᠥᠭᠡᠳ ᠨᠠᠷᠢᠯᠢᠭ ᠬᠢᠵᠦ᠂ ᠭᠤᠤᠯᠳᠠᠯᠭ᠎ᠠ ᠲᠠᠢ ᠰᠠᠯᠠᠭ᠎ᠠ ᠮᠥᠴᠢᠷ᠂ ᠴᠢᠬᠤᠯᠠ ᠵᠦᠢᠯᠡᠰ ᠤᠨ ᠠᠷᠢᠭᠤᠨ ᠴᠢᠬᠡᠴᠢ ᠶᠢᠨ ᠲᠦᠭᠰᠢᠭᠦᠷᠢ ᠶᠢᠨ ᠴᠡᠭ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ ᠡᠮᠬᠢᠯᠡᠨ᠂ ᠡᠷᠬᠡ ᠶᠢᠨ ᠵᠢᠷᠤᠮᠵᠢᠭᠤᠨ ᠠᠵᠢᠯᠯᠠᠭᠠᠨ ᠢ ᠦᠨᠡᠨ ᠬᠦ ᠪᠠᠲᠤᠯᠠᠪᠠ᠃     ᠲᠤᠰ ᠦᠢᠯᠡᠳᠪᠦᠷᠢ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠰᠡᠷᠡᠮᠵᠢᠯᠡᠭᠦᠯᠬᠦ ᠬᠥᠮᠦᠵᠢᠯ ᠢᠶᠠᠷ ᠠᠴᠢᠶᠠᠯᠠᠪᠤᠷᠢ ᠪᠣᠯᠭᠠᠵᠤ᠂ ᠲᠥᠪᠯᠡᠷᠡᠭᠦᠯᠦᠨ ᠰᠤᠷᠤᠯᠴᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠡᠷᠡᠭ ᠢᠶᠠᠷ ᠰᠡᠷᠡᠮᠵᠢᠯᠡᠭᠦᠯᠬᠦ ᠪᠠᠷ ᠳᠠᠮᠵᠢᠭᠤᠯᠤᠨ᠂ ᠤᠯᠠᠨ ᠳᠤ ᠭᠦᠨᠵᠡᠭᠡᠢ ᠰᠤᠷᠭᠠᠮᠵᠢ ᠥᠭᠴᠦ᠂ ᠴᠢᠬᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠪᠡ︔ ᠡᠭᠦᠷᠭᠡ ᠴᠢᠳᠠᠪᠤᠷᠢ ᠶᠢᠨ ᠬᠢᠨᠠᠯᠲᠠ ᠲᠠᠯᠪᠢᠬᠤ ᠪᠠᠷ ᠭᠠᠷᠳᠠᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠠ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠣᠰᠣᠭᠠᠷ᠂ ᠶᠠᠷᠢᠯᠴᠠᠨ ᠰᠣᠯᠢᠯᠴᠠᠬᠤ᠂ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠡᠯ᠎ᠡ ᠰᠠᠯᠠᠭ᠎ᠠ ᠮᠥᠴᠢᠷ ᠤᠨ ᠦᠢᠯᠡᠳᠪᠦᠷᠢᠯᠡᠯ ᠡᠵᠡᠩᠨᠡᠯᠲᠡ᠂ ᠰᠠᠭᠤᠷᠢ ᠬᠠᠮᠢᠶᠠᠷᠤᠯᠲᠠ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠲᠠᠯ᠎ᠠ ᠵᠡᠷᠭᠡ ᠲᠠᠯ᠎ᠠ ᠪᠠᠷ ᠣᠷᠣᠰᠢᠵᠤ ᠪᠠᠢᠭ᠎ᠠ ᠠᠰᠠᠭᠤᠳᠠᠯ ᠢ ᠬᠦᠴᠦᠯᠡᠨ ᠢᠯᠡᠷᠡᠭᠦᠯᠵᠦ᠂ 60 ᠭᠤᠤᠯᠳᠠᠯᠭ᠎ᠠ ᠲᠠᠢ ᠬᠢᠨᠠᠯᠲᠠ ᠲᠠᠯᠪᠢᠬᠤ ᠵᠦᠢᠯᠡᠰ  ᠢ ᠬᠢᠨᠠᠮᠠᠭᠠᠶ ᠪᠠᠶᠢᠴᠠᠭᠠᠨ ᠡᠮᠬᠢᠯᠡᠵᠦ᠂ ᠬᠢᠨᠠᠯᠲᠠ ᠲᠠᠯᠪᠢᠬᠤ ᠳᠤ ᠦᠨᠴᠦᠭ ᠪᠤᠯᠤᠩ ᠦᠯᠡᠳᠡᠬᠡᠬᠦ ᠦᠬᠡᠢ ᠪᠠᠶᠢᠵᠤ᠂ ᠴᠢᠬᠡᠴᠢ ᠵᠠᠰᠠᠭ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ