ᠰᠢᠨ᠎ᠡ ᠨᠢᠭᠡ ᠡᠭᠡᠯᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠥᠷᠢᠰᠥᠯᠳᠦᠭᠡᠨ ᠤ ᠡᠮᠦᠨ᠎ᠡ᠂ ᠡᠮᠦᠨᠡᠲᠦ | ᠬᠤᠰᠢᠭᠤᠨ ᠤ ᠡᠯ᠎ᠡ ᠬᠦᠷᠢᠶ᠎ᠡ ᠡᠯ᠎ᠡ ᠠᠵᠢᠯ ᠲᠥᠷᠥᠯ ᠤᠨ ᠴᠢᠳᠠᠪᠤᠷᠢᠲᠠᠨ ᠨᠠᠮ ᠤᠨ ᠲᠣᠭᠤᠷᠢᠨ ᠳᠤ ᠨᠢᠭᠲᠠᠷᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠰᠡᠳᠬᠢᠯ | ᠨᠢᠭᠡᠳᠦᠨ ᠬᠢᠵᠢᠭ ᠲᠠᠢ ᠲᠡᠮᠡᠴᠡᠵᠦ ᠪᠠᠶᠢᠨ᠎ᠠ᠃ | ᠨᠠᠮ ᠵᠠᠰᠠᠭ ᠤᠨ ᠴᠢᠳᠠᠪᠤᠷᠢᠲᠠᠨ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠭᠲᠠᠶ ᠪᠠᠷ ᠰᠡᠷᠭᠡᠶᠢᠯᠡᠨ ᠡᠵᠡᠮᠳᠡᠬᠦ ︽ᠳᠠᠭᠠᠭᠤᠯᠤᠭᠴᠢ︾ | ᠪᠣᠯᠪᠠ᠃ ᠡᠮᠦᠨᠡᠲᠦ ᠬᠤᠰᠢᠭᠤᠨ ᠳᠤ ︽ᠳᠥᠷᠪᠡᠨ ᠨᠢᠭᠡ︾ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠵᠤ᠂ ᠨᠠᠮ ᠵᠠᠰᠠᠭ ᠤᠨ ᠭᠠᠵᠠᠷ ᠤᠨ | ᠲᠠᠰ ᠤᠨ 28 ᠤᠳᠤᠷᠢᠳᠤᠯᠭ᠎ᠠ ᠥᠪᠡᠷ ᠥᠪᠡᠷ ᠤᠨ ᠳᠠᠭᠠᠭᠠᠴᠢᠯᠠᠨ ᠬᠠᠷᠢᠯᠴᠠᠬᠤ ᠴᠡᠭ ᠪᠠ ᠬᠢᠵᠢᠭ ᠤᠨ ᠪᠠᠶᠢᠳᠠᠯ ᠤᠨ ᠨᠢᠭᠡᠳᠦᠭᠡᠷ ᠹᠷᠣᠨᠲ ᠲᠤ ᠬᠦᠷᠴᠦ | ᠨᠠᠶᠢᠳᠠᠪᠤᠷᠢᠵᠢᠭᠤᠯᠪᠠ᠃ | ᠨᠠᠮ ᠵᠠᠰᠠᠭ ᠤᠨ 79 ᠴᠢᠳᠠᠪᠤᠷᠢᠲᠠᠨ ᠲᠣᠰᠬᠤᠨ ᠳᠤ ᠰᠠᠭᠤᠵᠤ 11 ᠰᠤᠮᠤ ᠪᠠᠯᠭᠠᠰᠤ 5 ᠲᠠᠷᠢᠶᠠᠯᠠᠩ ᠮᠠᠯᠵᠢᠯ ᠤᠨ ᠲᠠᠯᠠᠪᠠᠶ ᠶᠢ ᠳᠠᠭᠠᠭᠠᠴᠢᠯᠠᠨ ᠬᠠᠷᠢᠯᠴᠠᠵᠤ᠂ | 5795 ᠨᠠᠮ ᠤᠨ ᠭᠡᠰᠢᠭᠦᠨ ᠺᠠᠳ᠋ᠷ ᠢ ᠬᠠᠪᠰᠤᠷᠤᠨ ᠬᠢᠵᠢᠭ ᠲᠠᠢ ᠲᠡᠮᠡᠴᠡᠬᠦ ᠳᠠᠶᠢᠴᠢᠯᠠᠯᠲᠠ ᠬᠢᠬᠦ᠂ ᠮᠡᠳᠡᠭᠡ ᠵᠠᠩᠭᠢ ᠶᠢᠨ ᠪᠠᠶᠢᠳᠠᠯ ᠢ ᠣᠶᠢᠯᠠᠭᠠᠬᠤ᠂ ᠹᠢᠽᠢᠺ ᠤᠨ | ᠲᠤᠰᠠᠭᠠᠷᠯᠠᠯ ᠬᠢᠬᠦ᠂ ᠲᠤᠤᠷᠵᠢᠯ ᠤᠨ ᠬᠠᠮᠢᠶᠠᠷᠤᠯᠲᠠ ᠬᠢᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | 14 ᠡᠳᠦᠷ ᠤᠨ ᠳᠣᠲᠣᠷ᠎ᠠ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠣᠯᠠᠨ ᠲᠦᠮᠡᠨ ᠳᠤ ︽ᠭᠤᠷᠪᠠᠨ | ᠨᠣᠮᠧᠷ ᠨᠢᠭᠡ ᠦᠨᠡᠮᠯᠡᠯ︾ ︵ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ ᠨᠢᠭᠲᠠ ᠵᠠᠯᠭᠠᠬᠤ ᠺᠣᠳ᠋ ᠪᠠ 48 ᠴᠠᠭ ᠤᠨ ᠳᠣᠲᠣᠷ᠎ᠠ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ︶ ᠤᠨ ᠬᠠᠷᠭᠤᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠬᠦ | ᠬᠥᠮᠦᠨ ᠲᠠᠢ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠵᠢᠵᠢᠭᠦᠷᠯᠡᠬᠦ ᠬᠥᠮᠦᠨ ᠲᠠᠢ ᠪᠠᠶᠢᠬᠤ ᠶᠢ ᠪᠡᠶᠡᠯᠡᠭᠦᠯᠪᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠲᠤᠰᠬᠠᠶ ᠮᠡᠷᠭᠡᠵᠢᠯ᠂ ᠲᠤᠰᠬᠠᠶ ᠮᠡᠷᠭᠡᠵᠢᠯᠲᠡᠨ ᠤ ᠦᠢᠯᠡᠳᠦᠯ ᠢ ᠬᠦᠢᠴᠡᠳ ᠪᠠᠳᠠᠷᠠᠭᠤᠯᠵᠤ᠂ ᠡᠷᠡᠭᠦᠯ | ᠬᠠᠮᠠᠭᠠᠯᠠᠯ ᠤᠨ ᠬᠦᠷᠢᠶᠡᠨ ᠳᠤ ᠡᠮᠴᠢ᠂ ᠰᠤᠪᠢᠯᠠᠭᠴᠢ᠂ ᠶᠠᠪᠤᠭᠤᠯ ᠪᠠᠶᠢᠴᠠᠭᠠᠯᠲᠠ ᠵᠡᠷᠭᠡ ᠲᠤᠰᠬᠠᠶ ᠮᠡᠷᠭᠡᠵᠢᠯ ᠤᠨ 21 ᠴᠢᠳᠠᠪᠤᠷᠢᠲᠠᠨ ᠢ ᠰᠣᠩᠭᠤᠨ ᠲᠣᠮᠢᠯᠠᠵᠤ᠂ | ᠡᠵᠡᠨ᠎ᠡ ᠬᠤᠰᠢᠭᠤᠨ ᠳᠤ ᠣᠴᠢᠭᠤᠯᠤᠨ ᠬᠢᠵᠢᠭ ᠲᠠᠢ ᠲᠡᠮᠡᠴᠡᠬᠦ ᠲᠤᠰᠠᠯᠠᠮᠵᠢ ᠦᠵᠡᠭᠦᠯᠵᠦ᠂ ᠲᠤᠰᠬᠠᠶ ᠮᠡᠷᠭᠡᠵᠢᠯ ᠤᠨ ᠡᠮᠴᠢᠯᠡᠭᠡᠨ ᠤ ᠠᠵᠢᠯᠲᠠᠨ 31 ᠬᠥᠮᠦᠨ ᠢ | ᠬᠥᠳᠡᠯᠭᠡᠵᠦ᠂ ᠪᠥᠬᠦ ᠬᠤᠰᠢᠭᠤᠨ ᠤ ᠴᠢᠬᠤᠯᠠ ᠵᠠᠮ ᠬᠠᠷᠢᠯᠴᠠᠭᠠᠨ ᠤ ᠴᠢᠬᠤᠯᠠ ᠵᠠᠮ ᠳᠤ ᠪᠡᠶ᠎ᠡ ᠶᠢᠨ ᠳᠤᠯᠠᠭᠠᠨ ᠢ ᠬᠢᠨᠠᠨ ᠬᠡᠮᠵᠢᠬᠦ 2 ᠴᠡᠭ ᠲᠣᠬᠢᠷᠠᠭᠤᠯᠵᠤ᠂ | ᠬᠠᠯᠠᠭᠤᠷᠠᠬᠤ ᠡᠪᠡᠳᠴᠢᠨ ᠤ ᠢᠯᠡᠷᠡᠯ ᠲᠠᠢ ᠰᠡᠵᠢᠭᠯᠡᠯᠲᠡᠶ ᠡᠪᠡᠳᠴᠢᠲᠡᠨ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠪᠠ᠃ 21 ᠲᠥᠷᠥᠯ ᠤᠨ ᠭᠤᠤᠯᠳᠠᠯᠭ᠎ᠠ ᠲᠠᠢ | ᠬᠥᠮᠦᠰ᠂ 7 ᠲᠥᠷᠥᠯ ᠤᠨ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠣᠷᠴᠢᠨ ᠲᠣᠭᠤᠷᠢᠨ ᠪᠠ 6 ᠲᠥᠷᠥᠯ ᠤᠨ ᠭᠤᠤᠯᠳᠠᠯᠭ᠎ᠠ ᠲᠠᠢ ᠪᠠᠶᠢᠭᠤᠯᠤᠮᠵᠢ ᠶᠢᠨ | ᠠᠵᠢᠯᠯᠠᠭᠰᠠᠳ ᠪᠠ ᠭᠠᠳᠠᠭᠠᠳᠤ ᠣᠷᠴᠢᠨ ᠲᠣᠭᠤᠷᠢᠨ ᠳᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢ ᠦᠷᠭᠦᠯᠵᠢᠯᠡᠨ ᠴᠢᠩᠭᠠᠷᠠᠭᠤᠯᠤᠨ᠎ᠠ᠃ ᠪᠦᠬᠦ | ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ | ᠬᠢᠨᠠᠯᠲᠠ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ 108 ᠬᠠᠤᠯᠢ ᠬᠡᠷᠡᠭᠵᠢᠭᠦᠯᠬᠦ ᠠᠵᠢᠯᠳᠠᠨ ︵ᠤᠳᠠᠭ᠎ᠠ︶ ᠭᠠᠷᠭᠠᠵᠤ᠂ 75 ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ᠂ 59 ᠬᠤᠪᠢ ᠶᠢᠨ ᠡᠮᠴᠢᠯᠡᠭᠡᠨ ᠤ ᠭᠠᠵᠠᠷ᠂ 1 ᠬᠤᠰᠢᠭᠤᠨ ᠤ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ᠂ 5 ᠡᠷᠡᠭᠦᠯ ᠬᠠᠮᠠᠭᠠᠯᠠᠯ ᠤᠨ | ᠬᠤᠷᠢᠶ᠎ᠠ᠂ 6 ᠤᠯᠠᠨ ᠨᠡᠶᠢᠲᠡ ᠶᠢᠨ ᠲᠠᠯᠠᠪᠤᠷ ᠢ ᠬᠢᠨᠠᠨ ᠪᠠᠶᠢᠴᠠᠭᠠᠵᠤ᠂ 143 ᠬᠤᠪᠢ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠰᠠᠨᠠᠯ ᠤᠨ ᠪᠢᠴᠢᠭ ᠪᠠᠭᠤᠯᠭᠠᠵᠤ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠬᠦ ᠦᠭᠡᠢ 56 ᠬᠤᠪᠢ ᠶᠢᠨ ᠡᠮᠴᠢᠯᠡᠭᠡᠨ ᠤ ᠭᠠᠵᠠᠷ ᠪᠣᠯᠤᠨ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠢ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠪᠡ᠃ | ᠬᠥᠳᠡᠭᠡ ᠲᠣᠰᠬᠤᠨ ᠤ ᠡᠯ᠎ᠡ ᠬᠦᠷᠢᠶᠡᠨ ᠤ ᠰᠢᠯᠢᠳᠡᠭ ᠨᠤᠲᠤᠭ ᠤᠨ ᠴᠢᠳᠠᠪᠤᠷᠢᠲᠠᠨ ᠪᠡᠶ᠎ᠡ ᠶᠢᠨ ᠳᠠᠪᠠᠭᠤᠯᠢᠭ ᠪᠣᠯᠤᠨ ᠲᠤᠰᠬᠠᠶ ᠮᠡᠷᠭᠡᠵᠢᠯ ᠤᠨ ᠣᠨᠴᠠ | ᠴᠢᠳᠠᠪᠤᠷᠢ ᠪᠠᠨ ᠬᠦᠢᠴᠡᠳ ᠪᠠᠳᠠᠷᠠᠭᠤᠯᠵᠤ᠂ 200 ᠭᠠᠷᠤᠶ ᠨᠤᠲᠤᠭ ᠤᠨ ᠲᠤᠰᠬᠠᠶ ᠮᠡᠷᠭᠡᠵᠢᠯᠲᠡᠨ ᠪᠣᠯᠤᠨ 2756 ᠲᠤᠤᠷᠵᠢᠭᠤᠯᠤᠭᠰᠠᠨ ᠬᠠᠮᠢᠶᠠᠷᠤᠯᠲᠠ ᠶᠢᠨ | ᠠᠵᠢᠯᠲᠠᠨ ᠠᠶᠢᠯ ᠡᠷᠦᠬᠡ ᠪᠠᠷ ᠲᠤᠭᠤᠷᠢᠨ ᠶᠠᠪᠤᠵᠤ᠂ ᠤᠬᠠᠭᠤᠯᠤᠨ ᠲᠠᠶᠢᠯᠪᠤᠷᠢᠯᠠᠬᠤ᠂ ᠳᠥᠭᠦᠮ ᠣᠶᠢᠯᠠᠭᠠᠮᠵᠢᠲᠠᠶ ᠤᠷᠢᠶ᠎ᠠ ᠯᠣᠽᠦ᠋ᠩ ᠡᠯᠭᠦᠬᠦ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠪᠣᠯᠤᠨ ᠰᠤᠷᠭᠠᠨ ᠬᠥᠮᠦᠵᠢᠭᠦᠯᠵᠦ ᠢᠳᠬᠠᠬᠤ ᠵᠡᠷᠭᠡ | ᠠᠵᠢᠯ ᠢ ᠥᠷᠭᠡᠨ ᠢᠶᠠᠷ ᠥᠷᠨᠢᠭᠦᠯᠵᠦ᠂ 93 ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠪᠣᠯᠤᠨ 677 ᠲᠣᠰᠬᠤᠨ ᠤ | ᠠᠷᠠᠳ ᠤᠨ ᠳᠤᠭᠤᠶᠢᠯᠠᠩ ᠳᠤ ᠬᠦᠷᠴᠦ ᠪᠠᠶᠢᠯ᠎ᠠ᠃ ᠲᠡᠳᠡ ᠲᠦᠷᠦᠭᠦᠯᠡᠨ ᠲᠦᠷᠦ ᠶᠢᠨ ᠪᠤᠳᠤᠯᠭ᠎ᠠ ᠶᠢᠨ ᠮᠡᠳᠡᠯᠭᠡ ᠶᠢ ᠰᠤᠷᠤᠯᠴᠠᠨ ᠤᠬᠠᠭᠤᠯᠵᠤ᠂ ᠤᠯᠠᠨ ᠲᠦᠮᠡᠨ ᠤ | ᠰᠡᠵᠢᠭ ᠢ ᠠᠯᠳᠠᠷᠠᠭᠠᠨ ᠲᠥᠭᠡᠷᠢᠭᠳᠡᠯ ᠢ ᠲᠠᠶᠢᠯᠬᠤ ᠠᠵᠢᠯ ᠢ ᠰᠠᠶᠢᠲᠤᠷ ᠬᠢᠪᠡ︔ ᠨᠡᠶᠢᠭᠡᠮ ᠤᠨ ᠲᠥᠪ ᠰᠤᠷᠲᠠᠯ ᠢ ᠲᠦᠷᠦᠭᠦᠯᠡᠨ ᠪᠠᠳᠠᠷᠠᠭᠤᠯᠵᠤ᠂ ᠳᠡᠷᠭᠡᠳᠡᠬᠢ ᠤᠯᠠᠨ | ᠲᠦᠮᠡᠨ ᠤ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠬᠤ ᠶᠢ ᠬᠥᠮᠦᠵᠢᠭᠦᠯᠦᠨ ᠵᠢᠯᠣᠭᠤᠳᠪᠡ︔ ᠠᠮᠤᠷ | ᠲᠦᠪᠰᠢᠨ ᠤ ᠬᠠᠮᠠᠭᠠᠯᠠᠯᠲᠠ ᠶᠢ ᠲᠦᠷᠦᠭᠦᠯᠡᠨ ᠰᠠᠶᠢᠲᠤᠷ ᠬᠢᠵᠦ᠂ ᠳᠡᠷᠭᠡᠳᠡᠬᠢ ᠲᠥᠷᠥᠯ ᠰᠠᠳᠤᠨ ᠨᠠᠶᠢᠵᠠ ᠨᠥᠬᠦᠳ ᠢᠶᠠᠨ ᠬᠥᠮᠦᠵᠢᠭᠦᠯᠦᠨ ᠬᠥᠲᠥᠯᠥᠨ | ᠵᠢᠯᠣᠭᠤᠳᠴᠤ ᠪᠠᠶᠢᠭᠠᠳ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠬᠠᠮᠵᠢᠯᠴᠠᠨ ᠰᠠᠶᠢᠲᠤᠷ ᠬᠢᠪᠡ︔ ᠳᠡᠷᠭᠡᠳᠡᠬᠢ ᠬᠥᠮᠦᠰ᠂ ᠳᠡᠷᠭᠡᠳᠡᠬᠢ | ᠶᠠᠪᠤᠳᠠᠯ ᠢᠶᠠᠨ ᠲᠦᠷᠦᠭᠦᠯᠡᠨ ᠰᠠᠶᠢᠲᠤᠷ ᠬᠠᠮᠢᠶᠠᠷᠴᠤ᠂ ᠭᠡᠷ ᠤᠨ ᠬᠥᠮᠦᠰ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠶᠢᠯᠴᠢᠯᠠᠬᠤ | ᠦᠭᠡᠢ᠂ ᠬᠤᠷᠠᠯ ᠴᠤᠭᠯᠠᠭ᠎ᠠ ᠬᠢᠬᠦ ᠦᠭᠡᠢ᠂ ᠬᠠᠮᠲᠤ ᠬᠤᠭᠤᠯᠠᠯᠠᠬᠤ ᠦᠭᠡᠢ ᠪᠠᠶᠢᠬᠤ ᠶᠢ ᠢᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠤᠬᠠᠭᠤᠯᠤᠭᠴᠢ ᠮᠥᠷᠲᠡᠭᠡᠨ ᠪᠠᠰᠠ ᠰᠤᠷᠭᠠᠨ ᠬᠥᠮᠦᠵᠢᠭᠦᠯᠵᠦ ᠢᠳᠬᠠᠭᠴᠢ ᠪᠤᠯᠵᠤ᠂ ᠳᠤᠲᠠᠭᠳᠠᠵᠤ ᠪᠣᠯᠤᠰᠢ ᠦᠭᠡᠢ ᠬᠢᠵᠢᠭ ᠲᠠᠢ ᠲᠡᠮᠡᠴᠡᠬᠦ ᠬᠦᠴᠦᠨ ᠪᠤᠯᠪᠠ᠃ |