ᠣᠷᠠᠳ ᠤᠨ ᠡᠮᠥᠨᠡᠲᠤ ᠬᠤᠰᠢᠭᠤᠨ ᠤ ᠵᠧᠨ ᠰᠢᠩ ᠨᠡᠶᠢᠭᠡᠮ ᠲᠣᠭᠤᠷᠢᠭ ᠭᠠᠯ ᠰᠡᠷᠭᠡᠶᠢᠯᠡᠬᠦ ᠠᠮᠤᠷ ᠲᠦᠪᠰᠢᠨ ᠢ ᠲᠦᠭᠡᠮᠡᠯᠵᠢᠭᠦᠯᠵᠦ ᠡᠶ᠎ᠡ ᠵᠣᠬᠢᠴᠠᠩᠭᠤᠶ ᠠᠮᠤᠷ ᠠᠮᠤᠭᠤᠯᠠᠩ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠪᠠ
ᠨᠡᠶᠢᠲᠡᠯᠡᠭᠰᠡᠨ ᠴᠠᠭ᠄
2021/11/16
    ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠤᠬᠠᠮᠰᠠᠷ ᠢ ᠨᠡᠮᠡᠭᠳᠡᠭᠦᠯᠦᠨ᠂ ᠭᠡᠷ ᠪᠦᠯᠢ ᠶᠢᠨ ᠴᠠᠬᠢᠯᠭᠠᠨ ᠬᠡᠷᠡᠭᠯᠡᠬᠦ ᠠᠶᠤᠯ ᠦᠭᠡᠶ ᠶᠢ ᠲᠦᠭᠡᠮᠡᠯᠵᠢᠭᠦᠯᠵᠦ᠂ ᠨᠡᠶᠢᠭᠡᠮ ᠲᠣᠭᠤᠷᠢᠭ ᠤᠨ ᠭᠠᠯ ᠤᠨ ᠠᠶᠤᠯ ᠤᠨ ᠠᠳᠡᠯ ᠢ ᠪᠠᠭᠠᠰᠬᠠᠬᠤ ᠪᠠ ᠵᠣᠭᠰᠣᠭᠠᠬᠤ ᠵᠢᠴᠢ ᠣᠯᠠᠨ ᠲᠦᠮᠡᠨ ᠤ ᠪᠡᠶ᠎ᠡ ᠮᠠᠬᠠᠪᠣᠳ ᠬᠢᠭᠡᠳ ᠭᠡᠷ ᠬᠥᠷᠥᠩᠭᠡ ᠶᠢᠨ ᠠᠶᠤᠯ ᠦᠭᠡᠶ ᠶᠢ ᠦᠨᠨᠡᠬᠦ ᠪᠠᠲᠣᠯᠠᠬᠤ ᠶᠢᠨ ᠲᠦᠯᠦᠭᠡ ᠣᠶᠢᠷ᠎ᠠ ᠶᠢᠨ ᠡᠳᠦᠷ  ᠂ ᠣᠷᠠᠳ ᠤᠨ ᠡᠮᠥᠨᠡᠲᠤ ᠬᠤᠰᠢᠭᠤᠨ ᠤ ᠵᠧᠨ ᠰᠢᠩ ᠨᠡᠶᠢᠭᠡᠮ ᠲᠣᠭᠤᠷᠢᠭ ᠂ ᠭᠠᠯ ᠤᠨᠲᠠᠷᠠᠭᠠᠬᠤ ᠶᠡᠭᠡ ᠠᠩᠭᠢ ᠲᠠᠢ ᠬᠠᠮᠲᠣᠷᠠᠨ ᠲᠣᠰ ᠬᠤᠰᠢᠭᠤᠨ ᠤ ᠵᠠ ᠾᠧ ᠠᠭᠤᠳᠠᠮ ᠲᠠᠯᠠᠪᠠᠶ᠂ ᠵᠧᠨ ᠰᠢᠩ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃     ᠬᠦᠳᠡᠯᠭᠡᠭᠡᠨ ᠳᠤ᠂ ᠣᠷᠠᠳ ᠤᠨ ᠡᠮᠥᠨᠡᠲᠣ ᠬᠤᠰᠢᠭᠤᠨ ᠤ ᠵᠧᠩ ᠰᠢᠩ ᠨᠡᠶᠢᠭᠡᠮ ᠲᠣᠭᠤᠷᠢᠭ ᠤᠨ ᠺᠠᠳ᠋ᠷ ᠠᠵᠢᠯᠲᠠᠳ ᠪᠠ  ᠭᠠᠯ ᠤᠨᠲᠠᠷᠠᠭᠠᠬᠤ ᠶᠡᠭᠡ ᠠᠩᠭᠢ ᠶᠢᠨ ᠨᠠᠮ ᠤᠨ ᠭᠡᠰᠢᠭᠦᠳ ᠬᠠᠮᠲᠣ ᠪᠠᠷ᠂ ᠵᠧᠨ ᠰᠢᠩ ᠰᠠᠭᠤᠭᠠᠯᠢ ᠠᠷᠠᠳ ᠤᠨ ᠲᠣᠭᠤᠷᠢᠭ ᠲᠤ  ᠭᠦᠨᠵᠡᠭᠡᠶᠢᠷᠡᠨ ᠡᠷᠦᠬᠡ ᠪᠣᠯᠭᠠᠨ ᠳᠤ ᠤᠬᠠᠭᠤᠯᠭ᠎ᠠ ᠬᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠴᠢᠬᠤᠯᠠ ᠴᠢᠨᠠᠷ  ᠂ ᠡᠳᠦᠷ ᠲᠣᠲᠣᠮ ᠤᠨ ᠠᠮᠢᠳᠣᠷᠠᠯ ᠲᠣᠮᠳᠠ ᠬᠡᠷᠡᠭᠯᠡᠵᠦ ᠪᠠᠶᠢᠭ᠎ᠠ ᠴᠠᠬᠢᠯᠭᠠᠨ ᠬᠡᠷᠡᠭᠰᠡᠯ᠂ ᠰᠢᠲᠠᠮᠠᠬᠠᠶ ᠬᠡᠢ ᠵᠡᠷᠭᠡ ᠳᠤ ᠭᠠᠯ ᠤᠨ ᠠᠶᠤᠯ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠬᠦ ᠠᠷᠭ᠎ᠠ ᠵᠢᠴᠢ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠵᠤ ᠠᠮᠢ ᠵᠢᠭᠤᠲᠠᠨ ᠭᠠᠷᠴᠤ ᠥᠪᠡᠷ ᠢ ᠪᠠᠨ ᠠᠪᠤᠷᠠᠬᠤ ᠠᠷᠭ᠎ᠠ ᠶᠢ ᠲᠣᠬᠠᠢ ᠶᠢᠨ ᠲᠠᠯᠠᠪᠠᠢ ᠳᠤ ᠵᠢᠱᠢᠶ᠎ᠠ ᠦᠵᠡᠭᠦᠯᠦᠨ ᠲᠡᠶᠢᠯᠪᠣᠷᠢᠯᠠᠨ ᠵᠢᠭᠠᠵᠦ ᠦᠭᠭᠦᠭᠰᠡᠨ ᠪᠠᠶᠢᠨ᠎ᠠ᠃  ᠬᠦᠳᠡᠯᠭᠡᠭᠡᠨ ᠳᠤ ᠪᠠᠰᠠ᠂ ᠠᠵᠢᠯᠲᠠᠳ ᠠᠴᠠ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠡᠳᠡᠨ ᠳᠤ ᠠᠮᠤᠷ ᠲᠦᠪᠰᠢᠨ ᠢᠶᠠᠷ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂  ᠰᠢᠲᠠᠮᠠᠬᠠᠢ ᠬᠡᠢ ᠬᠡᠷᠡᠭᠯᠡᠬᠦ  ᠶᠢ ᠰᠠᠨᠠᠭᠤᠯᠪᠠ᠃     ᠲᠤᠰ ᠤᠳᠠᠭᠠᠨ ᠤ ᠤᠬᠠᠭᠤᠯᠭ᠎ᠠ ᠶᠢᠨ ᠬᠦᠳᠡᠯᠭᠡᠭᠡᠨ ᠢᠶᠠᠷ ᠳᠠᠮᠵᠢᠭᠤᠯᠤᠨ᠂  ᠣᠷᠠᠳ ᠤᠨ ᠡᠮᠥᠨᠡᠲᠣ ᠬᠤᠰᠢᠭᠤᠨ ᠤ ᠵᠧᠩ ᠰᠢᠩ ᠨᠡᠶᠢᠭᠡᠮ ᠲᠣᠭᠤᠷᠢᠭ ᠤᠨ ᠠᠷᠠᠳ ᠤᠨ ᠠᠶᠤᠯ ᠦᠭᠡᠶ ᠪᠠᠷ ᠴᠠᠬᠢᠯᠭᠠᠨ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ᠂ ᠭᠠᠯ ᠤᠨ ᠠᠶᠤᠯ ᠢ ᠰᠡᠷᠭᠡᠶᠢᠯᠡᠬᠦ ᠠᠶᠤᠯ ᠦᠭᠡᠶ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠲᠡᠳᠡᠨ ᠳᠤ ᠭᠠᠯ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠶᠢᠨ ᠴᠢᠬᠤᠯᠠ ᠴᠢᠨᠠᠷ ᠢ ᠦᠵᠡᠯ ᠰᠠᠨᠠᠭᠠᠨ ᠤ ᠲᠠᠯ᠎ᠠ ᠪᠠᠷ ᠤᠯᠠᠮ ᠨᠢᠭᠡ ᠠᠯᠬᠤᠮ  ᠮᠡᠳᠡᠭᠦᠯᠵᠦ᠂ ︽ᠠᠶᠤᠯ ᠦᠭᠡᠶ ᠶᠢ ᠲᠡᠷᠢᠭᠦᠨ ᠳᠤ ᠲᠠᠯᠪᠢᠵᠤ᠂ ᠰᠡᠷᠭᠡᠶᠢᠯᠡᠬᠦ ᠪᠠᠷ ᠭᠤᠣᠯ ᠪᠣᠯᠭᠠᠬᠤ︾ ᠦᠵᠡᠯ ᠤᠬᠠᠮᠰᠠᠷ ᠢ ᠨᠡᠩ ᠪᠠᠲᠤ ᠪᠠᠬᠢ ᠪᠣᠶ  ᠪᠣᠯᠭᠠᠨ᠂ ᠡᠶ᠎ᠡ ᠵᠣᠬᠢᠴᠠᠯ ᠲᠠᠢ ᠠᠮᠤᠷ ᠲᠠᠶᠢᠪᠤᠩ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ ᠳᠤ ᠯᠠᠪᠳᠠᠭᠤᠨ ᠪᠠᠲᠤᠲᠠᠶ ᠰᠠᠭᠤᠷᠢ ᠶᠢ ᠲᠠᠯᠪᠢᠭᠰᠠᠨ ᠪᠠᠶᠢᠨ᠎ᠠ᠃                                          ᠣᠷᠠᠳ ᠤᠨ ᠡᠮᠥᠨᠡᠲᠣ ᠬᠤᠰᠢᠭᠤᠨ ᠤ ᠴᠠᠶᠢᠨ᠎ᠠ ᠮᠡᠳᠡᠭᠡᠯᠡᠪᠡ  
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ