ᠬᠥᠮᠦᠰ ᠤᠨ ᠠᠮᠢᠳᠤᠷᠠᠯ ᠤᠨ ᠬᠢᠷᠢ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠡᠷᠡᠭᠦᠯ ᠮᠡᠨᠳᠦ ᠶᠢᠨ ᠱᠠᠭᠠᠷᠳᠠᠯᠭ᠎ᠠ ᠴᠣ᠋ ᠤᠯᠠᠮ ᠠᠴᠠ | ᠤᠯᠠᠮ ᠥᠨᠳᠥᠷ ᠪᠣᠯᠵᠠᠶ᠃ ᠢᠯᠠᠩᠭᠤᠶ᠎ᠠ ᠨᠠᠰᠤᠲᠠᠶᠢᠴᠤᠳ ᠤᠨ ᠨᠠᠰᠣ ᠨᠡᠮᠡᠭᠳᠡᠬᠦ ᠶᠢ ᠳᠠᠭᠠᠯᠳᠤᠨ᠂ ᠲᠡᠳᠡᠨ ᠤ ᠪᠡᠶ᠎ᠡ ᠮᠠᠬᠠᠪᠣᠳ ᠤᠨ ᠴᠢᠳᠠᠪᠤᠷᠢ ᠨᠢ ᠲᠠᠰᠤᠷᠠᠯᠲᠠ | ᠥᠬᠡᠶ ᠪᠠᠭᠤᠷᠠᠵᠣ ᠪᠠᠶᠢᠳᠠᠭ᠃ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠤᠯᠠᠮ ᠨᠢᠭᠡ ᠠᠯᠬᠤᠮ ᠬᠠᠯᠠᠮᠵᠢᠯᠠᠵᠤ᠂ ᠲᠡᠳᠡᠨ ᠳᠤ | ᠡᠷᠡᠭᠦᠯᠵᠢᠯ ᠤᠨ ᠮᠡᠳᠡᠯᠭᠡ ᠶᠢ ᠲᠦᠭᠡᠮᠡᠯᠵᠢᠭᠦᠯᠦᠨ᠂ ᠡᠷᠡᠬᠦᠯᠡ ᠲᠡᠩᠭᠡᠯᠡᠬᠦᠨ ᠪᠡᠶ᠎ᠡ ᠮᠠᠬᠠᠪᠣᠳ ᠲᠠᠢ ᠰᠠᠶᠢᠨ ᠰᠠᠶᠢᠬᠠᠨ ᠣᠷᠴᠢᠨ ᠢ ᠡᠬᠦᠳᠬᠦ ᠶᠢᠨ ᠲᠦᠯᠦᠭᠡ ᠂ | ᠣᠶᠢᠷ᠎ᠠ ᠶᠢᠨ ᠡᠳᠦᠷ᠂ ᠣᠷᠠᠳ ᠤᠨ ᠡᠮᠥᠨᠡᠲᠤ ᠬᠤᠰᠢᠭᠤᠨ ᠤ ᠵᠧᠨ ᠰᠢᠩ ᠨᠡᠶᠢᠭᠡᠮ ᠲᠣᠭᠤᠷᠢᠭ ᠪᠣᠯᠤᠨ ᠬᠦᠬᠦᠷᠭᠡ ᠶᠢᠨ ᠡᠮᠥᠨᠡᠬᠢ ᠨᠡᠶᠢᠭᠡᠮ ᠲᠣᠭᠤᠷᠢᠭ᠂ ᠳ᠋ᠦᠩ | ᠹᠧᠩ ᠨᠢᠭᠡᠳᠦᠭᠡᠷ ᠨᠡᠶᠢᠭᠡᠮ ᠲᠣᠭᠤᠷᠢᠭ ᠬᠠᠮᠲᠤᠷᠠᠨ ︽ᠨᠠᠰᠤᠲᠠᠶᠢᠴᠤᠳ ᠢ ᠬᠠᠯᠠᠮᠵᠢᠯᠠᠬᠤ︾ ᠪᠠᠷ ᠭᠤᠤᠯ ᠰᠡᠳᠦᠪ ᠪᠣᠯᠭᠠᠭᠰᠠᠨ ᠡᠷᠡᠭᠦᠯ ᠮᠡᠨᠳᠦ ᠪᠡᠶ᠎ᠡ | ᠰᠤᠪᠢᠯᠠᠯᠲᠠ ᠶᠢᠨ ᠮᠡᠳᠡᠯᠭᠡ ᠶᠢᠨ ᠲᠠᠶᠢᠯᠤᠮᠵᠢ ᠦᠷᠨᠢᠭᠦᠯᠪᠡ᠃ | ᠲᠠᠶᠢᠯᠤᠮᠵᠢ ᠡᠬᠢᠯᠡᠬᠦ ᠠᠴᠠ ᠡᠮᠦᠨ᠎ᠡ᠂ ᠪᠠᠶᠠᠨᠨᠠᠭᠤᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢ ᠪᠠ ᠣᠷᠠᠳ ᠤᠨ ᠡᠮᠥᠨᠡᠲᠤ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢ ᠨᠠᠷ ᠠᠴᠠ ᠲᠠᠶᠢᠯᠤᠮᠵᠢ ᠰᠣᠨᠣᠰᠬᠤ ᠪᠠᠷ ᠢᠷᠡᠭᠰᠡᠨ ᠬᠦᠮᠦᠰ ᠲᠤ ᠦᠨ᠎ᠡ ᠲᠥᠯᠥᠪᠦᠷᠢ ᠥᠬᠡᠶ ᠪᠠᠷ | ᠴᠢᠰᠤᠨ ᠳᠠᠷᠤᠯᠲᠠ᠂ ᠴᠢᠰᠤᠨ ᠰᠢᠬᠢᠷ᠂ ᠵᠢᠷᠦᠬᠡᠨ ᠤ ᠳᠠᠪᠲᠠᠮᠵᠢ ᠵᠡᠷᠭᠡ ᠶᠢ ᠪᠠᠶᠢᠴᠠᠭᠠᠬᠤ ᠶᠢᠨ ᠬᠠᠮᠲᠣ᠂ ᠲᠡᠳᠡᠨ ᠤ ᠡᠷᠡᠭᠦᠯ ᠮᠡᠨᠳᠦ ᠶᠢᠨ ᠠᠰᠠᠭᠤᠳᠠᠯ ᠢ | ᠬᠦᠯᠢᠴᠡᠩᠭᠦᠶ ᠪᠠᠷ ᠲᠠᠶᠢᠯᠪᠤᠷᠢᠯᠠᠵᠤ ᠵᠣᠬᠢᠰᠲᠠᠶ ᠪᠠᠷ ᠡᠮ ᠬᠡᠷᠡᠭᠯᠡᠬᠦ ᠶᠢ ᠰᠠᠨᠠᠭᠤᠯᠣᠭᠰᠠᠨ ᠪᠠᠶᠢᠨ᠎ᠠ᠃ | ᠡᠬᠦᠨ ᠤ ᠳᠠᠷᠠᠭ᠎ᠠ ᠪᠠᠷ ᠶᠠᠪᠣᠭᠳᠠᠭᠰᠠᠨ ᠲᠠᠶᠢᠯᠤᠮᠵᠢ ᠳᠤ᠂ ᠪᠠᠶᠠᠨᠨᠠᠭᠤᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢ ᠠᠴᠠ ᠣᠶᠢᠯᠠᠭᠠᠮᠵᠢᠲᠠᠢ | ᠦᠭᠡ ᠶᠠᠷᠢᠶ᠎ᠠ ᠪᠠᠷ ᠣᠯᠠᠨ ᠳᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠵᠢᠷᠦᠬᠡᠨ ᠰᠣᠳᠠᠯ ᠤᠨ ᠡᠪᠡᠳᠴᠢᠨ ᠵᠡᠷᠭᠡ ᠤᠳᠠᠭᠠᠨ ᠴᠢᠨᠠᠷᠲᠠᠶ | ᠡᠪᠡᠳᠴᠢᠨ ᠤ ᠢᠯᠡᠷᠡᠯ᠂ ᠬᠤᠤᠷ ᠬᠥᠨᠥᠭᠡᠯ᠂ ᠤᠷᠢᠳᠴᠢᠯᠠᠨ ᠰᠡᠷᠭᠡᠶᠢᠯᠡᠬᠦ ᠠᠷᠭ᠎ᠠ ᠪᠠ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠬᠡᠷᠬᠢᠨ ᠪᠣᠢ ᠪᠣᠯᠭᠠᠬᠤ | ᠲᠣᠬᠠᠢ ᠨᠠᠷᠢᠨ ᠲᠠᠶᠢᠯᠪᠣᠷᠢᠯᠠᠬᠤ ᠶᠢᠨ ᠳᠠᠭᠤ ᠪᠣᠳᠠᠲᠤ ᠵᠢᠱᠢᠶ᠎ᠡ ᠲᠠᠢ ᠣᠶᠠᠯᠳᠣᠭᠤᠯᠣᠨ᠂ ᠨᠡᠶᠢᠳᠡᠮ ᠣᠷᠣᠰᠢᠵᠤ ᠪᠠᠶᠢᠭ᠎ᠠ ᠵᠠᠷᠢᠮ ᠠᠳᠡᠭᠦᠷᠡᠯ ᠢ ᠵᠢᠭᠠᠨ ᠦᠭᠴᠦ᠂ | ᠵᠣᠬᠢᠰᠲᠠᠶ ᠬᠤᠭᠤᠯᠠ ᠤᠮᠳᠠ ᠢᠳᠡᠬᠦ᠂ ᠲᠣᠬᠢᠷᠠᠮᠵᠢᠲᠠᠶ ᠬᠥᠳᠡᠯᠭᠡᠭᠡᠨ ᠬᠢᠬᠦ᠂ ᠲᠠᠮᠠᠬᠢ ᠪᠠᠨ ᠵᠣᠭᠰᠣᠵᠤ ᠠᠷᠢᠬᠢ ᠪᠠᠨ ᠬᠢᠵᠠᠭᠠᠷᠯᠠᠬᠤ ᠵᠡᠷᠭᠡ ᠡᠷᠡᠭᠦᠯ ᠰᠠᠷᠠᠭᠤᠯ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠭᠰᠠᠨ ᠪᠠᠶᠢᠨ᠎ᠠ ᠃ ᠡᠮᠴᠢ ᠨᠠᠷ ᠤᠨ ᠨᠠᠷᠢᠨ ᠪᠡᠯᠡᠳᠭᠡᠮᠵᠢ ᠲᠠᠢ ᠲᠠᠶᠢᠯᠦᠮᠵᠢ ᠨᠢ ᠨᠠᠰᠣᠲᠠᠶᠢᠴᠣᠳ ᠤᠨ ᠬᠠᠯᠠᠭᠤᠨ | ᠬᠦᠷᠢᠶᠡᠯᠡᠯ ᠢ ᠣᠯᠪᠠ᠃ | ᠣᠷᠠᠳ ᠤᠨ ᠡᠮᠥᠨᠡᠲᠤ ᠬᠤᠰᠢᠭᠤᠨ ᠤ ᠴᠠᠶᠢᠨ᠎ᠠ ᠮᠡᠳᠡᠭᠡᠯᠡᠪᠡ |