ᠣᠷᠠᠳ ᠤᠨ ᠡᠮᠥᠨᠡᠲᠤ ᠬᠤᠰᠢᠭᠤᠨ ᠤ ᠪᠠᠷᠠᠭᠤᠨ ᠪᠠᠭ᠎ᠠ ᠪᠠᠯᠭᠠᠰᠤᠨ ᠤ ᠸᠠᠨ ᠲᠠᠢ ᠬᠥᠩ ᠲᠣᠰᠬᠤᠨ᠄ ᠣᠨᠴᠠᠯᠢᠭᠲᠤ ᠠᠵᠤ ᠦᠢᠯᠡᠰ ᠢ ᠬᠥᠭᠵᠢᠭᠦᠯᠵᠦ ᠣᠷᠣᠯᠭ᠎ᠠ ᠪᠠᠨ ᠨᠡᠮᠡᠭᠳᠡᠭᠦᠯᠪᠡ
ᠨᠡᠶᠢᠲᠡᠯᠡᠭᠰᠡᠨ ᠴᠠᠭ᠄
2021/11/17
    ᠣᠷᠠᠳ ᠤᠨ ᠡᠮᠥᠨᠡᠲᠤ ᠬᠤᠰᠢᠭᠤᠨ ᠤ ᠪᠠᠷᠠᠭᠤᠨ ᠪᠠᠭ᠎ᠠ ᠵᠣᠣ ᠪᠠᠯᠭᠠᠰᠤ ᠲᠣᠰᠬᠤᠨ ᠤ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠵᠢᠵᠢᠭ ᠭᠤᠸᠠ ᠶᠢᠨ ᠦᠷ᠎ᠡ ᠶᠢ ᠲᠣᠮᠣ ᠠᠵᠤ ᠦᠢᠯᠡᠰ ᠪᠣᠯᠭᠠᠨ᠂ ᠲᠠᠷᠢᠶᠠᠯᠠᠩ ᠤᠨ ᠦᠷ᠎ᠡ ᠠᠰᠢᠭ ᠢ   ᠳᠡᠭᠡᠭᠰᠢᠯᠡᠬᠦᠯᠦᠨ᠂ ᠲᠠᠷᠢᠶᠠᠴᠢᠳ ᠤᠨ ᠣᠷᠣᠯᠭ᠎ᠠ ᠶᠢ  ᠨᠡᠮᠡᠭᠳᠡᠬᠦᠯᠵᠦ ᠂ ᠬᠥᠳᠡᠭᠡ ᠲᠣᠰᠬᠤᠨ ᠤ ᠬᠥᠭᠵᠢᠯᠲᠡ ᠶᠢ ᠪᠡᠶᠡᠯᠡᠭᠦᠯᠪᠡ᠃     ᠤᠢᠢᠷ᠎ᠠ ᠶᠢᠨ ᠡᠳᠦᠷ ᠲᠤ᠂ ᠣᠷᠠᠳ ᠤᠨ ᠡᠮᠥᠨᠡᠲᠣ ᠬᠤᠰᠢᠭᠤᠨ ᠤ ᠪᠠᠷᠠᠭᠤᠨ ᠪᠠᠭ᠎ᠠ ᠵᠤᠤ ᠪᠠᠯᠭᠠᠰᠤᠨ ᠤ ᠸᠠᠨ ᠲᠠᠢ ᠬᠦᠩ ᠲᠣᠰᠬᠤᠨ ᠤ ᠰᠢᠨ ᠳ᠋ᠡ ᠮᠧᠩ ᠬᠠᠭᠤᠷᠣᠯᠭ᠎ᠠ ᠶᠢᠨ ᠦᠢᠯᠡᠳᠪᠦᠷᠢ ᠶᠢᠨ ᠠᠵᠢᠯᠴᠢᠳ ᠶᠠᠭ ᠬᠠᠭᠤᠷᠤᠭᠰᠠᠨ ᠭᠤᠸᠠ ᠶᠢᠨ ᠦᠷ᠎ᠡ ᠪᠠᠨ ᠪᠣᠭᠤᠳᠠᠯᠯᠠᠵᠤ ᠭᠤᠸᠠᠩᠵᠧᠦ᠂ ᠭᠤᠸᠠᠩᠰᠢ ᠵᠡᠷᠭᠡ ᠭᠠᠵᠠᠷ ᠲᠤ ᠬᠤᠳᠠᠯᠳᠣᠬᠤ ᠪᠠᠷ ᠶᠠᠭᠠᠷᠠᠵᠤ ᠪᠠᠶᠢᠪᠠ᠃     ᠣᠶᠢᠷ᠎ᠠ ᠶᠢᠨ ᠵᠢᠯ ᠠᠴᠠ᠂ ᠣᠷᠠᠳ ᠤᠨ ᠡᠮᠥᠨᠡᠲᠤ ᠬᠤᠰᠢᠭᠤᠨ ᠤ ᠪᠠᠷᠠᠭᠤᠨ ᠪᠠᠭ᠎ᠠ ᠵᠣᠣ ᠪᠠᠯᠭᠠᠰᠤ ᠲᠣᠰᠬᠤᠨ ᠤ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ 2019 ᠣᠨ ᠳᠤ ᠸᠠᠨ ᠲᠠᠢ ᠬᠥᠩ ᠲᠣᠰᠬᠤᠨ ᠤ ᠰᠢᠨ ᠳ᠋ᠡ ᠮᠧᠩ  ᠬᠠᠭᠤᠷᠣᠯᠭ᠎ᠠ ᠶᠢᠨ ᠦᠢᠯᠡᠳᠪᠦᠷᠢ ᠶᠢ ᠡᠬᠢᠯᠡᠨ ᠪᠠᠶᠢᠭᠤᠯᠵᠤ᠂ 88.7 ᠲᠦᠮᠡᠨ ᠲᠥᠭᠦᠷᠢᠭ ᠤᠨ ᠪᠠᠯᠠ ᠣᠷᠣᠭᠤᠯᠪᠠ  ᠃   ᠬᠠᠭᠤᠷᠣᠯᠭ᠎ᠠ ᠶᠢᠨ ᠦᠢᠯᠡᠳᠪᠦᠷᠢ ᠨᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠯᠠ ᠮᠥᠩᠭᠦ ᠪᠠ ᠵᠣᠬᠢᠶᠠᠨ ᠪᠠᠶᠢᠭᠤᠯᠬᠤ ᠬᠡᠯᠳᠡᠰ ‍ᠤᠨ‌‍ᠲ᠋ᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠪᠠᠯᠠ ᠮᠥᠩᠭᠦ ᠵᠢᠴᠢ ᠲᠣᠰᠬᠤᠨ ᠤ ᠠᠷᠠᠳ ᠥᠪᠡᠷ ᠢᠶᠠᠨ ᠪᠠᠯᠠ ᠮᠥᠩᠭᠦ ᠴᠤᠭᠯᠠᠭᠤᠯᠤᠨ ᠬᠠᠮᠲᠤ ᠪᠠᠷ ᠪᠥᠲᠥᠭᠡᠨ ᠪᠠᠶᠢᠭᠤᠯᠵᠠᠢ᠃ ᠲᠣᠰ ᠦᠢᠯᠡᠳᠪᠦᠷᠢ ᠨᠢ ᠦᠢᠯᠡᠳᠪᠦᠷᠢᠯᠡᠬᠦ᠂ ᠬᠥᠮᠥᠷᠭᠡᠯᠡᠬᠦ᠂ ᠪᠣᠷᠣᠯᠠᠭᠤᠯᠬᠤ ᠵᠡᠷᠭᠡ ᠣᠯᠠᠨ ᠵᠦᠢᠯ ᠤᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠪᠣᠳᠠᠲᠤ ᠴᠣᠭᠴᠠ ᠪᠣᠯᠣᠭᠰᠠᠨ ᠢᠶᠠᠷ ᠪᠠᠷᠠᠬᠤ ᠦᠭᠡᠢ ᠪᠠᠰᠠ ︽ᠺᠣᠮᠫᠠᠨᠢ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠠᠵᠢᠯᠯᠠᠵᠤ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠦᠨ᠎ᠡ ᠠᠴᠠ ᠥᠨᠳᠥᠷ ᠬᠠᠷᠠᠭᠠᠯᠵᠠᠯ ᠤᠨ ᠦᠨ᠎ᠡ ᠪᠠᠷ ᠲᠠᠷᠢᠶᠠᠴᠢᠨ ᠡᠷᠦᠬᠡ ᠶᠢᠨ ᠨᠡᠷᠡᠨ ᠬᠤᠸᠠᠷ ᠤᠨ ᠦᠷ᠎ᠡ ᠶᠢ ᠬᠤᠳᠠᠯᠳᠤᠨ ᠠᠪᠴᠤ᠂ ᠲᠠᠷᠢᠶᠠᠴᠢᠨ ᠡᠷᠦᠬᠡ ᠶᠢ ᠳᠠᠶᠢᠴᠢᠯᠠᠨ ᠨᠡᠷᠡᠨ ᠬᠤᠸᠠᠷ ᠤᠨ ᠲᠠᠷᠢᠮᠠᠯ ᠢ ᠬᠥᠭᠵᠢᠭᠦᠯᠪᠡ᠂ ᠡᠭᠦᠨ ᠤ ᠬᠠᠮᠲᠤ᠂ ᠲᠣᠰ ᠦᠢᠯᠡᠳᠪᠦᠷᠢ ᠨᠢ ᠪᠠᠰᠠ ᠲᠠᠷᠢᠶᠠᠴᠢᠨ ᠡᠷᠦᠬᠡ  ᠳᠤ  ᠦᠢᠯᠡᠳᠪᠦᠷᠢ ᠳᠤ ᠪᠠᠨ ᠠᠵᠢᠯ  ᠣᠯᠭᠤᠬᠤ ᠶᠢ ᠪᠡᠶᠡᠯᠡᠬᠦᠯᠦᠨ᠂ ᠲᠠᠷᠢᠶᠠᠴᠢᠳ ᠤᠨ ᠣᠷᠣᠯᠭ᠎ᠠ ᠶᠢ ᠨᠢ  ᠨᠡᠮᠡᠭᠳᠡᠭᠦᠯᠦᠭᠰᠡᠨ ᠪᠠᠶᠢᠨ᠎ᠠ᠃     ᠬᠠᠭᠤᠷᠣᠯᠭ᠎ᠠ ᠶᠢᠨ ᠦᠢᠯᠡᠳᠪᠦᠷᠢ ᠪᠠᠶᠢᠭᠤᠯᠤᠭᠳᠠᠭᠰᠠᠨ ᠠᠴᠠ ᠬᠤᠶᠢᠰᠢ ᠪᠥᠬᠦ ᠪᠠᠯᠭᠠᠰᠤᠨ ᠤ ᠨᠡᠷᠡᠨ ᠬᠤᠸᠠᠷ ᠳᠠᠷᠢᠬᠤ ᠡᠷᠦᠬᠡ ᠵᠢᠨ‌‍ᠲ᠋ᠡᠭᠡᠭᠡᠪᠦᠷᠢ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠨᠡᠷᠡᠨ ᠬᠤᠸᠠᠷ ᠢ ᠲᠤᠬᠠᠶ ᠶᠢᠨ ᠭᠠᠵᠠᠷ ᠲᠤᠨᠢ ᠪᠣᠷᠣᠯᠠᠭᠤᠯᠬᠤ ᠶᠢ ᠠᠬᠢᠭᠤᠯᠤᠨ᠂ ᠲᠠᠷᠢᠮᠠᠯ ᠤᠨ ᠡᠷᠦᠬᠡ ᠶᠢᠨ ᠬᠤᠳᠠᠯᠳᠤᠬᠤ ᠳᠤ ᠬᠦᠴᠢᠷᠲᠡᠶ ᠪᠠᠶᠢᠬᠤ ᠠᠰᠠᠭᠤᠳᠠᠯ ᠢ   ᠰᠢᠢᠳᠪᠦᠷᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠪᠣᠳᠠᠲᠤ ᠴᠣᠭᠴᠠ ᠶᠢᠨ ᠨᠥᠯᠥᠭᠡᠯᠡᠨ ᠳᠠᠶᠢᠴᠢᠯᠠᠬᠤ  ᠦᠢᠯᠡᠳᠦᠯ ᠢ ᠦᠨᠡᠨ ᠬᠦ ᠪᠠᠳᠠᠷᠠᠭᠤᠯᠵᠤ᠂ ᠲᠠᠷᠢᠶᠠᠴᠢᠨ ᠡᠷᠦᠬᠡ ᠪᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠦᠷᠭᠦᠯᠵᠢᠯᠡᠨ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃                                      
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ