ᠤᠷᠠᠳ ᠤᠨ ᠡᠮᠦᠨᠡᠲᠦ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ ᠰᠣᠩᠭᠤᠭᠤᠯᠢ ᠶᠢᠨ ᠲᠣᠭᠤᠷᠢᠭ ᠤᠨ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠳᠤ ᠣᠷᠤᠯᠴᠠᠪᠠ
ᠨᠡᠶᠢᠲᠡᠯᠡᠭᠰᠡᠨ ᠴᠠᠭ᠄
2021/11/17
    11 ᠰᠠᠷ᠎ᠠ ᠶᠢᠨ 15 ᠤ ᠡᠳᠦᠷ ᠪᠣᠯ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠡᠳᠦᠷ ᠪᠣᠯᠤᠨ᠎ᠠ᠂ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠰᠢᠭᠤᠨ ᠤ ᠨᠠᠮ ᠤᠨ ᠬᠤᠷᠢᠶᠠᠨ ᠤ ᠰᠣᠩᠭᠤᠭᠤᠯᠢ ᠶᠢᠨ ᠲᠣᠭᠤᠷᠢᠭ ᠤᠨ ᠪᠢᠯᠧᠲ ᠥᠭᠬᠦ ᠥᠷᠲᠡᠭᠡ ᠳᠤ ᠢᠷᠡᠵᠦ᠂  ᠰᠢᠨ᠎ᠡ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠪᠢᠯᠧᠲ ᠥᠭᠴᠦ ᠰᠣᠩᠭᠤᠪᠠ᠃     ᠬᠤᠰᠢᠭᠤᠨ ᠤ ᠨᠠᠮ ᠤᠨ ᠬᠤᠷᠢᠶᠠᠨ ᠤ ᠰᠣᠩᠭᠤᠭᠤᠯᠢ ᠶᠢᠨ ᠲᠣᠭᠤᠷᠢᠭ ᠤᠨ ᠪᠢᠯᠧᠲ ᠥᠭᠬᠦ ᠦᠷᠳᠡᠭᠡ ᠳᠤ᠂ ᠲᠠᠪᠤᠨ ᠣᠳᠣᠲᠤ ᠤᠯᠠᠭᠠᠨ ᠲᠤᠭ ᠣᠯᠠᠨ ᠤ ᠬᠠᠷᠠᠭ᠎ᠠ ᠶᠢ ᠲᠠᠲᠠᠵᠤ᠂ ᠤᠯᠤᠰ ᠤᠨ ᠰᠦᠯᠳᠡ ᠶᠢ ᠰᠢᠭᠢᠳᠬᠡᠭᠰᠡᠨ ᠤᠯᠠᠭᠠᠨ ᠦᠩᠭᠡ ᠶᠢᠨ ᠪᠢᠯᠧᠲ ᠥᠭᠬᠦ ᠬᠠᠶᠢᠷᠴᠠᠭ ᠢ ᠲᠥᠪ ᠲᠠᠯᠪᠢᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠲᠥᠪ ᠬᠢᠴᠢᠶᠡᠩᠭᠦᠢ ᠲᠥᠪ ᠴᠢᠩᠭ᠎ᠠ ᠪᠠᠶᠢᠵᠤ᠂ ᠪᠢᠯᠧᠲ ᠥᠭᠬᠦ ᠠᠵᠢᠯ ᠤᠨ ᠬᠠᠮᠢᠶ᠎ᠠ ᠪᠦᠬᠦᠢ ᠭᠤᠭᠴᠤᠭ᠎ᠠ ᠨᠢ ᠡᠮᠬᠢ ᠵᠢᠷᠤᠮᠵᠢᠯ  ᠲᠠᠢ ᠪᠠᠶᠢᠯ᠎ᠠ᠃     ᠦᠳᠡ ᠶᠢᠨ ᠡᠮᠦᠨᠡᠬᠢ 10 ᠴᠠᠭ ᠲᠤ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤᠶᠤᠯᠲᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠭᠢᠯᠡᠭᠴᠢ ᠯᠢᠦ ᠵᠢᠶ ᠫᠢᠩ᠂ ᠬᠤᠰᠢᠭᠤᠨ ᠤ ᠤᠯᠤᠰ ᠳᠦᠷᠤ ᠶᠢᠨ ᠵᠦᠪᠯᠡᠯᠭᠡᠨ ᠤ ᠲᠡᠷᠢᠭᠦᠯᠡᠭᠴᠢ ᠬᠤᠪᠢᠰᠬᠠᠯᠲᠤ ᠵᠡᠷᠭᠡ ᠳᠦᠷᠪᠠ ᠶᠡᠭᠡ ᠪᠠᠭ ᠤᠨ ᠤᠳᠤᠷᠢᠳᠤᠯᠭ᠎ᠠ ᠫᠢᠶᠣᠣ ᠥᠭᠬᠦ ᠣᠢᠷᠲᠡᠭᠡ ᠳᠤ  ᠬᠦᠷᠴᠦ᠂ ᠬᠤᠯᠪᠣᠭᠳᠠᠯ ᠪᠦᠭᠦᠢ ᠰᠣᠩᠬᠤᠭᠤᠯᠢ ᠶᠢᠨ ᠶᠠᠪᠤᠳᠠᠯ ᠤᠨ ᠲᠤᠬᠠᠶ ᠲᠣᠳᠣᠷᠬᠠᠶᠢᠯᠠᠯᠲᠠ ᠶᠢ ᠨᠠᠷᠢᠨ ᠬᠢᠨᠠᠮᠠᠭᠠᠶ ᠰᠣᠨᠣᠰᠤᠭᠰᠠᠨ ᠤ ᠲᠠᠷᠠᠭ᠎ᠠ᠂ ᠰᠣᠩᠬᠤᠭᠤᠯᠢ ᠶᠢᠨ ᠫᠢᠶᠣᠣ ᠶᠢ ᠨᠠᠷᠢᠨ ᠬᠢᠨᠠᠮᠠᠭᠠᠶ ᠲᠠᠭᠯᠠᠵᠤ᠂ ᠫᠢᠶᠣᠣ ᠶᠢᠨ ᠬᠠᠶᠢᠷᠴᠠᠭ ᠤᠨ ᠡᠮᠦᠨ᠎ᠡ ᠬᠦᠷᠴᠦ᠂ ᠲᠥᠪ ᠴᠢᠩᠭ᠎ᠠ ᠪᠠᠷ ᠰᠣᠩᠬᠤᠭᠤᠯᠢ ᠶᠢᠨ ᠫᠢᠶᠣᠣ ᠪᠠᠨ ᠥᠭᠪᠡ᠃     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠸᠠᠩ ᠵᠢᠶᠦ᠋ᠨ ᠵᠢᠶᠧ  ᠠᠵᠢᠯᠲᠠᠨ  ᠳᠤ ᠨᠠᠶᠢᠳᠠᠵᠤ᠂ ᠬᠤᠰᠢᠭᠤᠨ ᠤ ᠨᠠᠮ ᠤᠨ ᠬᠤᠷᠢᠶᠠᠨ ᠤ ᠰᠤᠩᠬᠤᠭᠤᠯᠢ ᠶᠢᠨ ᠲᠣᠭᠤᠷᠢᠭ ᠤᠨ ᠫᠢᠶᠣᠣ ᠥᠭᠬᠦ ᠥᠷᠲᠡᠭᠡᠨ ᠳᠤ ᠰᠤᠩᠬᠤᠭᠤᠯᠢ ᠶᠢᠨ ᠫᠢᠶᠣᠣ ᠢᠶᠠᠨ ᠥᠭᠴᠡᠶ᠃     ᠳᠠᠷᠠᠭ᠎ᠠ ᠪᠠᠷ ᠨᠢ ᠪᠤᠰᠤᠳ ᠰᠣᠩᠭᠤᠭᠤᠯᠢ ᠶᠢᠨ ᠠᠷᠠᠳ ᠴᠤ ᠲᠠᠭᠯᠠᠵᠤ ᠪᠢᠴᠢᠭᠰᠡᠨ ᠰᠣᠩᠭᠤᠭᠤᠯᠢ ᠶᠢᠨ ᠫᠢᠶᠣᠣ ᠪᠠᠨ ᠫᠢᠶᠣᠣ ᠶᠢᠨ ᠬᠠᠶᠢᠷᠴᠠᠭ ᠲᠤ ᠬᠢᠵᠦ᠂ ᠥᠪᠡᠷ ᠤᠨ ᠠᠷᠠᠳᠴᠢᠯᠠᠯ ᠤᠨ ᠡᠷᠬᠡ ᠪᠠᠨ ᠬᠠᠤᠯᠢ ᠶᠣᠰᠣᠭᠠᠷ  ᠬᠡᠷᠡᠭᠵᠢᠭᠦᠯᠪᠡ ᠃     ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠤᠰᠢᠶᠠᠯᠲᠠᠨ ᠤ ᠳᠠᠪᠲᠠᠨ ᠪᠣᠯᠪᠠᠰᠤᠷᠠᠭᠤᠯᠬᠤ ᠳᠡᠭᠡᠳᠦ ᠰᠤᠷᠭᠠᠭᠤᠯᠢ ᠶᠢᠨ ᠵᠠᠰᠠᠭ ᠵᠠᠬᠢᠷᠭᠠᠨ ᠤ ᠰᠠᠯᠠᠭ᠎ᠠ ᠶᠢᠨ ᠺᠠᠳ᠋ᠷ ᠭᠦᠸᠧ ᠯᠢᠶᠠᠩ ᠴᠧᠩ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ ᠶᠢᠨ ᠬᠤᠶᠠᠳᠤᠭᠠᠷ ᠬᠤᠭᠤᠴᠠᠭ᠎ᠠ ᠰᠣᠯᠢᠬᠤ ᠶᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠥᠪᠯᠡᠯ ᠤᠨ ᠳᠡᠳ᠋ ᠡᠷᠬᠢᠯᠡᠭᠴᠢ ᠹᠤᠩ ᠶᠢᠨ ᠭᠠᠩ ᠵᠡᠷᠭᠡ ᠲᠣᠭᠤᠷᠢᠭ᠂ ᠬᠤᠲᠠ ᠶᠢᠨ ᠬᠤᠭᠤᠴᠠᠭ᠎ᠠ ᠰᠣᠯᠢᠬᠤ ᠶᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠳᠤᠭᠤᠶᠢᠯᠠᠩ ᠤᠨ ᠭᠡᠰᠢᠭᠦᠳ ᠬᠤᠷᠠᠯ ᠳᠤ ᠢᠷᠡᠵᠦ ᠵᠢᠭᠠᠨ ᠵᠢᠯᠣᠭᠤᠳᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ