ᠪᠠᠷᠠᠭᠤᠨ ᠪᠠᠭ᠎ᠠ ᠵᠤᠤ ᠪᠠᠯᠭᠠᠰᠤ ︽134︾ ᠠᠵᠢᠯ ᠤᠨ ᠠᠷᠭ᠎ᠠ ᠶᠢ ᠬᠡᠷᠡᠭᠵᠢᠭᠦᠯᠵᠦ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠪᠡ
ᠨᠡᠶᠢᠲᠡᠯᠡᠭᠰᠡᠨ ᠴᠠᠭ᠄
2021/11/19
    ᠣᠶᠢᠷ᠎ᠠ ᠳᠤ᠂ ᠡᠮᠦᠨᠡᠲᠦ ᠬᠤᠰᠢᠭᠤᠨ ᠤ ᠪᠠᠷᠠᠭᠤᠨ ᠪᠠᠭ᠎ᠠ ᠵᠣᠣ ᠪᠠᠯᠭᠠᠰᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ︽134︾ ᠠᠵᠢᠯ ᠤᠨ ᠠᠷᠭ᠎ᠠ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠤᠷ ᠢ ᠨᠢᠭᠲᠠ ᠰᠦᠯᠵᠢᠪᠡ᠃     ᠪᠠᠷᠠᠭᠤᠨ ᠪᠠᠭ᠎ᠠ ᠵᠣᠣ ᠪᠠᠯᠭᠠᠰᠤ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠪᠥᠬᠦ ᠪᠠᠯᠭᠠᠰᠤᠨ ᠤ ᠡᠯ᠎ᠡ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠳᠠᠷᠦ᠋ᠢᠬᠠᠨ ᠬᠥᠳᠡᠯᠦᠯᠴᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ  ᠦᠢᠯᠡᠳᠦᠯ ᠢ ᠬᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠤᠤᠷᠵᠢᠭᠰᠠᠨ ᠬᠠᠮᠢᠶᠠᠷᠤᠯᠲᠠ ᠶᠢᠨ ᠠᠵᠢᠯᠲᠠᠨ ᠤ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠡ  ᠃     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠷ᠎ᠡ ᠪᠦᠲᠦᠭᠡᠯ ᠤᠨ ᠪᠠᠬᠢᠵᠢᠯ ᠪᠠ ᠦᠷᠭᠦᠯᠵᠢᠯᠡᠯ ᠪᠣᠯᠭᠠᠵᠤ᠂ ᠡᠯ᠎ᠡ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ 11᠂ ᠡᠷᠦᠭᠡ ᠶᠢᠨ ᠴᠡᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ 1 ᠪᠠᠶᠢᠭᠤᠯᠵᠤ᠂ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ 4 ᠭᠠᠷᠭᠠᠵᠤ᠂ 3 ᠪᠣᠭᠤᠮᠲᠠ ᠶᠢ ᠪᠦᠬᠦ ᠬᠦᠴᠦᠨ ᠢᠶᠠᠷ ᠢᠶᠠᠨ ᠰᠠᠶᠢᠲᠤ᠋ ᠰᠠᠬᠢᠵᠠᠢ᠃ ᠠᠷᠠᠯᠵᠢᠶ᠎ᠠ ᠬᠤᠳᠠᠯᠳᠤᠭᠠᠨ ᠤ ᠬᠦᠢᠯᠬᠡᠬᠡᠨ ᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠬᠥᠮᠦᠨ ᠠᠮᠠ ᠨᠢᠭᠲᠠᠷᠠᠭᠰᠠᠨ ᠲᠠᠯᠠᠪᠤᠷ ᠭᠠᠵᠠᠷ ᠢ ᠠᠷᠢᠭᠤᠳᠬᠠᠵᠦ᠂ ᠪᠣᠶ ᠪᠥᠬᠦᠶ ᠣᠯᠠᠨ ᠨᠡᠶᠢᠲᠡ ᠶᠢᠨ ᠲᠠᠯᠠᠪᠤᠷ ᠲᠤ ᠡᠷᠬᠡᠪᠰᠢ ᠠᠮᠠᠪᠴᠢ ᠵᠡᠭᠦᠵᠦ ᠺᠣᠳ᠋ ᠰᠢᠷᠪᠢᠭᠰᠡᠨ ᠤ ᠳᠠᠷᠠᠭ᠎ᠠ ᠰᠠᠶ᠋ᠢ ᠣᠷᠣᠵᠤ ᠪᠣᠯᠤᠨ᠎ᠠ᠃ ᠪᠠᠯᠭᠠᠰᠤᠨ ᠤ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠩᠭᠢ ᠡᠳᠦᠷ ᠪᠦᠷᠢ ᠪᠠᠷᠠᠭᠤᠨ ᠪᠠᠭ᠎ᠠ ᠵᠣᠣ ᠪᠠᠯᠭᠠᠰᠤ ᠶᠢᠨ ᠭᠠᠯᠲᠤ ᠲᠡᠷᠭᠡᠨ ᠥᠷᠲᠡᠭᠡᠨ ᠳᠤ ᠺᠣᠳ᠋ ᠰᠢᠷᠪᠢᠬᠦ᠂ ᠳᠠᠩᠰᠠᠯᠠᠬᠤ᠂ ᠪᠡᠶ᠎ᠡ ᠶᠢᠨ ᠬᠠᠯᠠᠭᠤᠨ ᠢ ᠬᠡᠮᠵᠢᠬᠦ᠂ ᠪᠥᠭᠡᠮ ᠬᠦᠴᠢᠯ ᠤᠨ ᠭᠡᠷᠡᠴᠢ ᠶᠢ ᠪᠠᠶᠢᠴᠠᠭᠠᠬᠤ ᠵᠡᠷᠭᠡ ᠠᠵᠢᠯ ᠢ ᠬᠢᠪᠡ᠃     ᠪᠦᠬᠦ ᠪᠠᠯᠭᠠᠰᠤᠨ ᠤ 11 ᠲᠣᠰᠬᠤᠨ ᠳᠤ ᠪᠠᠯᠭᠠᠰᠤ᠂ ᠲᠣᠰᠬᠤᠨ᠂ ᠲᠣᠰᠬᠤᠨ ᠤ ᠠᠷᠠᠳ ᠤᠨ ᠳᠤᠭᠤᠶᠢᠯᠠᠩ᠂ ᠡᠷᠦᠬᠡ ᠳᠥᠷᠪᠡᠨ ᠱᠠᠲᠤᠨ ᠤ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠪᠡ᠃ ᠪᠥᠬᠦ ᠪᠠᠯᠭᠠᠰᠤ ᠶᠢ 121 ᠲᠤᠤᠷᠵᠢᠯ ᠪᠣᠯᠭᠠᠨ ᠬᠤᠪᠢᠶᠠᠵᠤ᠂ 414 ᠨᠠᠮ ᠤᠨ ᠭᠡᠰᠢᠭᠦᠨ᠂ ᠲᠣᠰᠬᠤᠨ ᠤ ᠺᠠᠳ᠋ᠷ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ ᠵᠢᠴᠢ ᠰᠠᠶᠢᠨ ᠲᠤᠷᠠᠴᠤᠳ ᠢᠶᠠᠷ ᠪᠦᠷᠢᠯᠳᠦᠵᠦ᠂ ᠪᠥᠬᠦ ᠪᠠᠯᠭᠠᠰᠤᠨ ᠤ 5064 ᠡᠷᠦᠬᠡ ᠲᠠᠷᠢᠶᠠᠴᠢᠨ ᠡᠷᠦᠬᠡ ᠶᠢ ᠵᠢᠭᠰᠠᠭᠠᠨ ᠪᠠᠶᠢᠴᠠᠭᠠᠬᠤ᠂  ᠦᠢᠯᠡᠴᠢᠯᠡᠬᠦ ᠠᠵᠢᠯ ᠢ ᠬᠠᠷᠢᠭᠤᠴᠠᠵᠤ᠂ ᠪᠠᠯᠭᠠᠰᠤᠨ ᠤ ᠺᠠᠳ᠋ᠷ ᠲᠣᠰᠬᠤᠨ ᠢ ᠳᠠᠭᠠᠭᠠᠴᠢᠯᠠᠬᠤ᠂ ᠲᠣᠰᠬᠤᠨ ᠤ ᠺᠠᠳ᠋ᠷ ᠲᠤᠤᠷᠵᠢᠯ ᠢ ᠳᠠᠭᠠᠭᠠᠴᠢᠯᠠᠬᠤ᠂ ᠲᠤᠤᠷᠵᠢᠯ ᠤᠨ ᠪᠦᠷᠢᠯᠳᠦᠬᠦᠨ ᠡᠷᠦᠬᠡ ᠶᠢ ᠳᠠᠭᠠᠭᠠᠴᠢᠯᠠᠬᠤ᠂ ᠱᠠᠲᠤ ᠱᠠᠲᠤ ᠪᠠᠷ ᠬᠠᠷᠢᠭᠤᠴᠠᠬᠤ ᠶᠢ ᠪᠡᠶᠡᠯᠡᠭᠦᠯᠵᠦ᠂ ︽ᠨᠠᠮ ᠤᠨ ᠬᠤᠷᠢᠶ᠎ᠠ ᠪᠥᠬᠦ ᠲᠠᠯ᠎ᠠ ᠪᠠᠷ ᠤᠳᠤᠷᠢᠳᠬᠤ᠂ ᠨᠠᠮ ᠤᠨ ᠡᠭᠦᠷ ᠲᠦᠷᠦᠭᠦᠯᠡᠨ ᠨᠠᠶᠢᠳᠠᠪᠤᠷᠢᠵᠢᠭᠤᠯᠬᠤ᠂ ᠨᠠᠮ ᠤᠨ ᠭᠡᠰᠢᠭᠦᠨ ᠵᠢᠱᠢᠶᠡᠴᠢ ᠪᠠᠷ ᠳᠠᠭᠠᠭᠤᠯᠬᠤ᠂ ᠣᠯᠠᠨ ᠲᠦᠮᠡᠨ ᠬᠠᠮᠲᠤ ᠪᠠᠷ ᠣᠷᠣᠯᠴᠠᠬᠤ︾ ᠠᠵᠢᠯ ᠤᠨ ᠲᠣᠭᠲᠠᠴᠠ ᠶᠢ ᠪᠣᠶ ᠪᠣᠯᠭᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ