ᠤᠷᠠᠳ ᠤᠨ ᠡᠮᠦᠨᠡᠲᠦ ᠬᠤᠰᠢᠭᠤᠨ ᠤ ᠰᠢᠭᠦᠬᠦ ᠬᠤᠷᠢᠶ᠎ᠠ ︽ᠮᠣᠩᠭᠤᠯ ᠮᠤᠷᠢᠨ ᠤ ᠲᠠᠪᠬᠢᠭ᠎ᠠ︾ ᠠᠵᠢᠯᠯᠠᠭ᠎ᠠ ᠳᠤ ᠳᠠᠬᠢᠨ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2021/11/19
     ᠲᠦᠷᠦᠭᠦᠬᠡᠨ᠂ ᠡᠮᠦᠨᠡᠲᠦ ᠬᠤᠰᠢᠭᠤᠨ ᠤ ᠰᠢᠭᠦᠬᠦ ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ︽ᠮᠣᠩᠭᠤᠯ ᠮᠤᠷᠢᠨ ᠤ ᠲᠠᠪᠬᠢᠭ᠎ᠠ︾ ᠲᠤᠰᠬᠠᠶ ᠠᠵᠢᠯᠯᠠᠭ᠎ᠠ ᠶᠢ ᠳᠠᠬᠢᠨ ᠠᠬᠢᠭᠤᠯᠵᠤ᠂ ᠳᠠᠬᠢᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠬᠦᠢᠴᠡᠳᠬᠡᠬᠦ ᠲᠣᠪᠴᠢᠶ᠎ᠠ ᠦᠵᠡᠯ ᠰᠠᠨᠠᠭ᠎ᠠ ᠪᠠᠨ ᠨᠢᠭᠡᠳᠬᠡᠵᠦ᠂ ᠪᠥᠬᠦ ᠬᠤᠲᠠ ᠶᠢᠨ ᠰᠢᠭᠦᠬᠦ ᠬᠤᠷᠢᠶ᠎ᠠ ᠪᠠ ᠡᠮᠦᠨᠡᠲᠦ ᠬᠤᠰᠢᠭᠤᠨ ᠤ ᠰᠢᠭᠦᠬᠦ ᠬᠤᠷᠢᠶᠠᠨ ᠤ ᠰᠢᠭᠦᠨ ᠲᠠᠰᠤᠯᠬᠤ ᠬᠦᠢᠴᠡᠳᠬᠡᠬᠦ ᠴᠢᠨᠠᠷ ᠦᠷ᠎ᠡ ᠪᠦᠲᠦᠮᠵᠢ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠣᠳᠣᠬᠠᠨ ᠤ ᠬᠦᠢᠴᠡᠳᠬᠡᠬᠦ ᠬᠦᠢᠴᠡᠳᠬᠡᠯ ᠲᠤᠭ᠎ᠠ ᠬᠤᠴᠣᠷᠤᠩᠭᠤᠶ ᠪᠠᠶᠢᠳᠠᠯ ᠢ ᠲᠣᠳᠣᠷᠬᠠᠶ ᠲᠠᠨᠢᠵᠤ᠂ ᠬᠦᠢᠴᠡᠳᠬᠡᠬᠦ ᠰᠢᠪᠲᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠦᠢᠴᠡᠳᠬᠡᠬᠦ ᠰᠡᠭᠦᠯ ᠬᠤᠷᠢᠶᠠᠬᠤ ᠳᠠᠶᠢᠯᠠᠯᠳᠤᠭᠠᠨ ᠤ ᠢᠯᠠᠯᠲᠠ ᠶᠢ ᠦᠨᠡᠨᠬᠦ ᠪᠠᠲᠤᠯᠠᠪᠠ᠃ ᠬᠦᠢᠴᠡᠳᠬᠡᠬᠦ ᠺᠠᠳ᠋ᠷ ᠴᠠᠭᠳᠠᠭ᠎ᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠡᠷᠬᠡᠪᠰᠢ ᠬᠦᠢᠴᠡᠳᠬᠡᠬᠦ ᠶᠠᠰᠤ ᠴᠢᠨᠠᠷ ᠦᠷ᠎ᠡ ᠠᠰᠢᠭ ︽3 + 1︾ ᠶᠢᠨ ᠭᠤᠤᠯ  ᠬᠦᠢᠴᠡᠳᠬᠡᠯ ᠲᠤᠭ᠎ᠠ ᠶᠢ ᠴᠢᠩᠭ᠎ᠠ ᠠᠳᠬᠤᠨ ᠰᠠᠶᠢᠲᠤᠷ ᠠᠳᠬᠤᠵᠤ᠂ ᠳᠤᠲᠠᠭᠤᠳᠠᠯ ᠪᠠᠭᠤᠷᠠᠶ ᠲᠠᠯ᠎ᠠ ᠶᠢᠨ ᠬᠦᠢᠴᠡᠳᠬᠡᠯ ᠲᠤᠭ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠪᠥᠬᠦ ᠬᠤᠷᠢᠶᠠᠨ ᠤ ᠰᠢᠭᠦᠨ ᠲᠠᠰᠤᠯᠬᠤ ᠬᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠬᠢᠨᠠᠨ ᠰᠢᠯᠭᠠᠵᠤ ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠪᠠ᠃ ᠲᠦᠪᠡᠭᠲᠡᠢ ᠬᠡᠷᠡᠭ ᠪᠠ ᠲᠦᠬᠦᠮ ᠬᠡᠷᠡᠭ ᠢ ᠰᠠᠯᠭᠠᠬᠤ ᠲᠣᠭᠲᠠᠴᠠ ᠶᠢ ᠲᠦᠯᠬᠢᠨ ᠠᠬᠢᠭᠤᠯᠵᠤ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠤᠷᠳᠤ ᠬᠤᠭᠤᠴᠠᠭ᠎ᠠ ᠪᠠᠷ ᠰᠢᠭᠦᠵᠦ ᠳᠠᠭᠤᠰᠬᠠᠭᠠᠳᠤᠢ ᠬᠡᠷᠡᠭ ᠢ ︽ᠴᠡᠪᠡᠷᠯᠡᠬᠦ ᠶᠢᠨ ᠳᠠᠭᠠᠤ ᠲᠠᠰᠤᠯᠤᠨ ᠪᠤᠳᠤᠬᠤ︾᠂ ︽ᠪᠠᠭᠤᠷᠠᠭᠤᠯᠬᠤ ᠦᠭᠡᠢ ᠪᠣᠯ ᠭᠡᠳᠡᠷᠬᠦ ᠳᠡᠭᠡᠭᠰᠢᠯᠡᠬᠦ︾ ᠦᠵᠡᠭᠳᠡᠯ ᠭᠠᠷᠬᠤ ᠠᠴᠠ ᠵᠠᠶᠢᠯᠠᠰᠬᠢᠪᠠ᠃ ᠶᠠᠰᠤ ᠴᠢᠨᠠᠷ ᠦᠷ᠎ᠡ ᠪᠦᠲᠦᠮᠵᠢ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠪᠠᠷ ᠬᠠᠷᠠᠯᠲᠠ ᠤᠳᠤᠷᠢᠳᠤᠮᠵᠢ ᠪᠣᠯᠭᠠᠵᠤ᠂ ᠪᠦᠬᠦ ᠶᠠᠪᠤᠴᠠ ᠶᠢᠨ ᠰᠢᠭᠤᠳ ᠬᠠᠷᠢᠭᠤᠴᠠᠯᠭᠠᠲᠠᠨ ᠪᠣᠯᠬᠤ ᠬᠠᠷᠠᠯᠲᠠ ᠡᠭᠦᠷᠭᠡ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠶᠢᠨ ᠺᠠᠳ᠋ᠷ ᠴᠠᠭᠳᠠᠭ᠎ᠠ ᠶᠢᠨ ᠠᠵᠢᠯ ᠤᠨ ᠢᠳᠡᠪᠬᠢᠵᠢᠯ ᠢ ᠳᠠᠶᠢᠴᠢᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠬᠠᠷᠠᠯᠲᠠ ᠳᠠᠭᠠᠨ ᠵᠠᠪᠠᠯ ᠬᠦᠷᠬᠦ ᠰᠥᠰᠥ ᠵᠣᠷᠢᠭ ᠢᠶᠠᠷ ᠪᠦᠬᠦ ᠵᠢᠯ ᠤᠨ ᠠᠵᠢᠯ ᠤᠨ ᠬᠠᠷᠠᠯᠲᠠ ᠡᠭᠦᠷᠭᠡ ᠪᠠᠨ ᠡᠷᠡᠰ ᠪᠡᠶᠡᠯᠡᠭᠦᠯᠪᠠ᠃    
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ