ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠣᠯᠣᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/19
    11 ᠰᠠᠷ᠎ᠠ ᠶᠢᠨ 15 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃      ᠬᠤᠰᠢᠭᠤᠨ ᠤ ᠨᠠᠮ ᠤᠨ ᠬᠤᠷᠢᠶᠠᠨ ᠤ ᠱᠦᠵᠢ ᠰᠣᠶᠣᠯᠲᠤ ᠵᠡᠷᠭᠡ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠦᠮᠦᠰ ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠯᠢᠦ ᠵᠢᠶ ᠫᠢᠩ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠪᠢᠰᠬᠠᠯᠲᠤ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠵᠤ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠢ ᠰᠣᠶᠣᠯᠲᠤ ᠡᠷᠭᠢᠯᠡᠪᠡ᠃     ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃  ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡ ᠶᠢᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠡᠢᠳᠪᠦᠷᠢ︾ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠤᠯᠤᠰ ᠲᠥᠷᠥ ᠶᠢᠨ ᠲᠤᠩᠬᠠᠭ ᠮᠥᠨ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠶᠢ ᠨᠡᠭᠡᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠵᠢᠯᠯᠠᠭᠠᠨ ᠤ ᠵᠦᠭᠯᠡᠭᠦᠷ ᠮᠥᠨ᠂ ᠪᠥᠬᠦ ᠨᠠᠮ ᠤᠨ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ᠂ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠠᠭᠤᠤ ᠶᠡᠭᠡ ᠢᠯᠠᠯᠲᠠ ᠶᠢ ᠲᠡᠮᠡᠴᠡᠨ ᠤᠯᠬᠤ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃     ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠤᠬᠠᠮᠰᠠᠷ ᠠᠴᠠ ᠪᠠᠨ ︽ᠭᠤᠷᠪᠠᠨ ᠬᠡᠷᠡᠭᠴᠡᠭᠡ︾ ᠶᠢᠨ ᠦᠨᠳᠦᠷᠴᠡ ᠳᠤ ᠵᠣᠭᠰᠣᠵᠤ᠂ ᠪᠦᠬᠦᠳᠠ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠮᠠᠨ ᠤ ᠨᠠᠮ ᠤᠨ ᠵᠠᠭᠤᠨ ᠵᠢᠯ ᠤᠨ ᠲᠤᠮᠤ ᠨᠠᠮ ᠪᠣᠯᠤᠭᠰᠠᠨ ᠤ ᠬᠤᠪᠢ ᠳᠠᠬᠢ ᠭᠦᠨ ᠵᠤᠵᠠᠭᠠᠨ ᠲᠡᠦᠬᠡ ᠶᠢᠨ ᠬᠠᠶᠢᠷ᠎ᠠ ᠰᠡᠳᠬᠢᠯᠭᠡ ᠶᠢ ᠭᠦᠨᠵᠡᠭᠡᠢ ᠣᠶᠢᠯᠠᠭᠠᠵᠤ᠂ ᠲᠡᠦᠬᠡ ᠶᠢᠨ ᠢᠲᠡᠭᠡᠯ᠂ ᠳᠡᠭᠡᠳᠦ ᠬᠡᠮᠵᠢᠶᠡᠨ ᠤ ᠲᠡᠦᠬᠡ ᠶᠢᠨ ᠤᠬᠠᠮᠰᠠᠷ ᠢ ᠪᠠᠲᠤᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ︔ ᠬᠤᠷᠠᠯ ᠤᠨ ᠪᠠᠶᠠᠯᠢᠭ ᠠᠭᠤᠯᠤᠭᠳᠠᠬᠤᠨ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠰᠤᠷᠤᠯᠴᠠᠨ ᠣᠶᠢᠯᠠᠭᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠲᠦ ᠠᠴᠢ ᠬᠤᠯᠪᠣᠭᠳᠠᠯ ᠢ ᠣᠨᠣᠪᠴᠢᠲᠠᠢ ᠡᠵᠡᠮᠰᠢᠵᠦ᠂ ︽ᠲᠦᠷᠪᠡᠨ ᠠᠭᠤᠤ ᠶᠡᠭᠡ ᠠᠮᠵᠢᠯᠲᠠ ᠪᠦᠲᠦᠮᠵᠢ︾᠂ ︽ᠲᠦᠷᠪᠡᠨ ᠠᠭᠤᠤ ᠶᠡᠭᠡ ᠦᠰᠦᠷᠦᠯᠲᠡ︾ ᠶᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠤᠯᠠᠮ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠣᠨᠣᠪᠴᠢᠲᠠᠢ ᠡᠵᠡᠮᠳᠡᠵᠦ᠂ ᠬᠢᠯᠪᠠᠷ ᠪᠤᠰᠤ ᠪᠠᠷ ᠢᠷᠡᠭᠰᠡᠨ᠂ ᠦᠨᠳᠦᠰᠦᠨ ᠴᠢᠨᠠᠷᠲᠠᠢ ᠪᠠ ᠠᠯᠤᠰ ᠬᠡᠳᠤ ᠶᠢᠨ ᠵᠢᠯᠣᠭᠤᠳᠬᠤ ᠠᠴᠢ ᠬᠤᠯᠪᠣᠭᠳᠠᠯ ᠲᠠᠢ ᠡᠳᠡᠭᠡᠷ ᠬᠤᠪᠣᠷ ᠨᠠᠨᠳᠢᠨ ᠲᠤᠷᠰᠢᠯᠭ᠎ᠠ ᠶᠢ ᠬᠤᠪᠢ ᠲᠠᠬᠢᠨ ᠨᠠᠨᠳᠢᠩᠨᠠᠵᠤ᠂ ᠡᠷᠡᠰ ᠪᠠᠲᠤ ᠪᠠᠷ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠵᠢᠷᠤᠮᠯᠠᠯ ᠪᠣᠯᠭᠠᠬᠤ ᠬᠡᠷᠡᠭᠲᠡᠢ᠃ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠴᠢᠬᠤᠯᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ︽ᠨᠢᠭᠡ ᠦᠨᠳᠦᠰᠦᠨ ᠠᠰᠠᠭᠤᠳᠠᠯ︾ ᠢ ᠢᠮᠠᠭᠲᠠ ᠪᠠᠲᠤ ᠴᠡᠭᠡᠵᠢᠯᠡᠵᠦ᠂ ︽ᠲᠦᠷᠪᠡᠨ ᠡᠷᠬᠡᠪᠰᠢ︾ ᠶᠢ ᠪᠡᠶᠡᠯᠡᠭᠦᠯᠵᠦ ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠪᠣᠯᠤᠨ 2035 ᠣᠨ ᠤ ᠲᠡᠮᠡᠴᠡᠬᠦ ᠬᠠᠷᠠᠯᠲᠠ ᠶᠢ ᠴᠢᠩᠭ᠎ᠠ ᠡᠵᠡᠮᠳᠡᠵᠦ᠂ ᠣᠳᠣᠬᠢᠴᠢᠯᠠᠭᠰᠠᠨ ᠤᠷᠠᠳ ᠤᠨ ᠡᠮᠦᠨᠡᠲᠦ ᠬᠤᠰᠢᠭᠤ ᠶᠢ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠲᠠᠰᠤᠷᠠᠯᠳᠠ ᠦᠭᠡᠢ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃     ᠬᠤᠷᠠᠯ ᠠᠴᠠ ᠪᠥᠬᠦ ᠣᠷᠣᠨ ᠤ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠠᠵᠢᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ︔ ︽ᠤᠯᠤᠰ ᠲᠥᠷᠥ ᠶᠢᠨ ᠵᠥᠪᠯᠡᠯᠭᠡᠨ ᠤ ᠤᠷᠠᠳ ᠤᠨ ᠡᠮᠦᠨᠡᠲᠦ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠤᠨ ᠲᠥᠰᠦᠯ︾ ᠢ ᠬᠢᠨᠠᠨ ᠵᠥᠪᠯᠡᠵᠦ ᠪᠠᠲᠤᠯᠠᠪᠠ︔ ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠲᠠᠯᠪᠢᠬᠤ ᠲᠣᠪᠴᠢᠶ᠎ᠠ ᠶᠢᠨ ᠣᠶᠢᠷ᠎ᠠ ᠶᠢᠨ ᠬᠤᠭᠤᠴᠠᠭᠠᠨ ᠤ ᠡᠮᠦᠨᠡᠲᠦ ᠬᠤᠰᠢᠭᠤᠨ ᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠤᠯᠪᠣᠭᠳᠠᠯ ᠪᠥᠬᠦᠶ ᠶᠠᠪᠤᠳᠠᠯ ᠢ ᠰᠤᠳᠤᠯᠪᠠ︔ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠷᠠᠯ ᠠᠴᠠ ᠪᠠᠰᠠ ᠪᠤᠰᠤᠳ ᠵᠥᠪᠯᠡᠬᠦ ᠰᠡᠳᠦᠪ ᠢ ᠰᠤᠳᠤᠯᠤᠨ ᠶᠠᠷᠢᠯᠴᠠᠪᠠ᠃    
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ