ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠨᠢ ᠢᠲᠡᠭᠡᠮᠵᠢᠲᠦ ᠵᠢᠭᠡᠯᠡᠯᠭᠡ ᠶᠢᠨ ᠰᠠᠭᠤᠷᠢ ᠠᠵᠢᠯ ᠤᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/11/19
     ᠣᠶᠢᠷ᠎ᠠ ᠳᠤ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠡᠮᠦᠨᠡᠲᠦ ᠬᠤᠰᠢᠭᠤᠨ ᠤ ᠰᠠᠯᠪᠤᠷᠢ ᠪᠠᠩᠬᠢ ︽ᠰᠠᠭᠤᠷᠢ ᠶᠢ ᠠᠳᠬᠤᠬᠤ᠂ ᠲᠤᠳᠤᠭᠠᠳᠤ ᠬᠦᠴᠦᠨ ᠢᠶᠠᠨ ᠪᠣᠯᠪᠠᠰᠤᠷᠠᠭᠤᠯᠬᠤ᠂ ᠲᠣᠭᠲᠠᠭᠠᠯ ᠳᠤ ᠨᠡᠶᠢᠴᠡᠭᠦᠯᠬᠦ︾ ᠪᠠᠷ ᠭᠤᠤᠯ ᠰᠡᠳᠦᠪ ᠪᠣᠯᠭᠠᠵᠤ᠂ ᠢᠲᠡᠭᠡᠮᠵᠢᠲᠦ ᠵᠢᠭᠡᠯᠡᠯᠭᠡ ᠶᠢᠨ ᠰᠠᠭᠤᠷᠢ ᠠᠵᠢᠯ ᠤᠨ ᠲᠤᠰᠬᠠᠶ ᠲᠥᠷᠥᠯ ᠤᠨ ︽ᠴᠡᠭᠴᠡᠯᠡᠨ ᠵᠠᠰᠠᠬᠤ ᠰᠠᠷ᠎ᠠ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠢᠲᠡᠭᠡᠮᠵᠢᠲᠦ ᠵᠢᠭᠡᠯᠡᠯᠭᠡ ᠶᠢᠨ ᠰᠠᠭᠤᠷᠢ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠳᠥᠯᠭᠢᠨ ᠠᠬᠢᠭᠤᠯᠵᠤ ᠪᠠᠶᠢᠨ᠎ᠠ᠃      ᠲᠣᠰ ᠤᠳᠠᠭᠠᠨ ᠤ ︽ᠴᠡᠭᠴᠡᠯᠡᠨ ᠵᠠᠰᠠᠬᠤ ᠰᠠᠷ᠎ᠠ︾ ᠶᠢᠨ ᠠᠵᠢᠯᠯᠠᠭ᠎ᠠ ᠨᠢ ᠠᠰᠠᠭᠤᠳᠠᠯ᠂ ᠬᠠᠷᠠᠯᠲᠠ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠴᠠᠭᠠᠨ ᠤ ᠡᠷᠦᠬᠡ ᠶᠢᠨ ᠵᠦᠷᠢᠶᠡᠴᠢᠯᠡᠭᠰᠡᠨ ᠵᠢᠭᠡᠯᠡᠯᠭᠡ ᠶᠢᠨ ᠳᠠᠷᠠᠭᠠᠬᠢ ᠬᠠᠮᠢᠶᠠᠷᠤᠯᠲᠠ᠂ ᠤᠷᠲᠤᠪᠲᠤᠷ ᠪᠠ ᠣᠷᠳᠣ ᠬᠤᠭᠤᠴᠠᠭᠠᠨ ᠤ ᠵᠢᠭᠡᠯᠡᠯᠭᠡ ᠪᠠ PPP ᠲᠥᠷᠥᠯ  ᠵᠦᠢᠯ ᠤᠨ ᠡᠵᠡᠩᠨᠡᠨ ᠪᠣᠷᠣᠯᠠᠭᠤᠯᠬᠤ ᠪᠠᠶᠢᠴᠠᠭᠠᠯᠲᠠ᠂ ᠰᠠᠭᠤᠷᠢ ᠮᠥᠩᠭᠦ ᠶᠢᠨ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠰᠠᠭᠤᠷᠢ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠤ ᠡᠵᠡᠩᠨᠡᠨ ᠪᠣᠷᠣᠯᠠᠭᠤᠯᠬᠤ ᠵᠢᠷᠤᠮᠵᠢᠯ ᠵᠡᠷᠭᠡ ᠪᠠᠷ ᠭᠤᠤᠯ ᠠᠭᠤᠯᠭ᠎ᠠ ᠪᠣᠯᠭᠠᠵᠤ᠂ ᠳᠣᠲᠣᠭᠠᠳᠤ ᠪᠠ ᠭᠠᠳᠠᠭᠠᠳᠤ ᠠᠴᠠ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ᠂ ᠪᠠᠶᠢᠴᠠᠭᠠᠨ ᠦᠨᠡᠯᠡᠬᠦ ᠪᠥᠬᠦ ᠴᠤᠪᠤᠷᠠᠯ ᠳᠤ ᠰᠤᠷᠤᠯᠴᠠᠬᠤ᠂ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠲᠦᠷᠢᠮ ᠪᠠ ᠲᠤᠬᠠᠶᠢᠯᠠᠭᠰᠠᠨ ᠠᠵᠢᠯ ᠤᠨ ᠦᠢᠯᠡᠳᠦᠯᠬᠡ ᠶᠢᠨ ᠠᠵᠢᠯᠯᠠᠭᠠᠨ ᠤ ᠪᠣᠯᠪᠠᠰᠤᠷᠠᠭᠤᠯᠤᠯ ᠢ ᠨᠢᠭᠲᠠ ᠤᠶᠠᠯᠳᠤᠭᠤᠯᠬᠤ ᠠᠷᠭ᠎ᠠ ᠮᠠᠶ᠋ᠢᠭ ᠢᠶᠠᠷ ᠦᠷᠨᠢᠬᠦᠯᠪᠡ᠃     ᠪᠠᠶᠢᠴᠠᠭᠠᠯᠲᠠ ᠳᠤ ᠢᠯᠡᠷᠡᠭᠦᠯᠦᠭᠰᠡᠨ ᠭᠤᠤᠯ ᠠᠰᠠᠭᠤᠳᠠᠯ ᠲᠠᠢ ᠤᠶᠠᠯᠳᠤᠭᠤᠯᠤᠨ᠂ ᠰᠠᠷ᠎ᠠ ᠪᠠᠷ ᠰᠤᠷᠤᠯᠴᠠᠬᠤ ᠲᠥᠯᠥᠪᠯᠡᠭᠡ ᠲᠣᠭᠲᠠᠭᠠᠬᠤ᠂ ᠬᠤᠪᠢᠳᠠᠨ ᠬᠠᠮᠢᠶᠠᠷᠬᠤ ᠪᠠᠩᠬᠢ ᠶᠢᠨ ᠤᠳᠤᠷᠢᠳᠤᠯᠭ᠎ᠠ᠂ ︽ᠭᠤᠷᠪᠠ ᠶᠢ ᠨᠢᠭᠡᠳᠬᠡᠭᠰᠡᠨ︾ ᠲᠤᠰᠬᠠᠶ ᠲᠤᠰᠢᠶᠠᠯᠲᠠᠨ ᠢᠶᠠᠷ ᠭᠤᠤᠯ ᠲᠠᠶᠢᠯᠪᠤᠷᠢᠯᠠᠭᠴᠢ ᠪᠤᠯᠭᠠᠵᠤ᠂ ᠡᠳᠦᠷ ᠪᠦᠷᠢ ᠥᠷᠯᠥᠭᠡ ᠣᠷᠣᠢ ᠨᠢᠭᠡ ᠴᠠᠭ ᠥᠨᠳᠥᠷ ᠳᠠᠪᠲᠠᠮᠵᠢ ᠪᠠᠷ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠦᠷᠨᠢᠬᠦᠯᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ