ᠫᠠᠩ ᠬᠤᠢ ᠤᠷᠠᠳ ᠤᠨ ᠡᠮᠦᠨᠡᠳᠦ ᠬᠤᠰᠢᠭᠤᠨ ᠳᠤ ᠪᠠᠶᠢᠴᠠᠭᠠᠨ ᠰᠤᠳᠤᠯᠣᠯᠳᠠ ᠬᠢᠪᠡ
ᠨᠡᠶᠢᠲᠡᠯᠡᠭᠰᠡᠨ ᠴᠠᠭ᠄
2021/11/19
    11 ᠰᠠᠷ᠎ᠠ ᠶᠢᠨ 16 ᠤ ᠡᠳᠦᠷ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠫᠠᠩ ᠬᠤᠶ ᠤᠷᠠᠳ ᠤᠨ ᠡᠮᠦᠨᠡᠲᠦ ᠬᠤᠰᠢᠭᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ᠂ ᠤᠯᠢᠶᠠᠰᠤ ᠨᠠᠭᠤᠷ ᠤᠨ ᠠᠮᠢ ᠠᠬᠤᠶ ᠶᠢᠨ ᠵᠠᠰᠠᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃     ᠫᠠᠩ ᠬᠤᠶ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᠵᠧᠨ ᠬᠤᠸᠠ ᠵᠢᠴᠢ ᠬᠤᠲᠠ᠂ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷ ᠲᠠᠢ ᠤᠷᠢᠳ ᠬᠤᠵᠢᠳ ᠡᠮᠦᠨᠡᠲᠦ ᠬᠤᠰᠢᠭᠤᠨ ᠤ ᠪᠠᠷᠠᠭᠤᠨ ᠪᠠᠭ᠎ᠠ ᠵᠣᠣ ᠪᠠᠯᠭᠠᠰᠤᠨ ᠤ ᠸᠠᠨ ᠲᠠᠢ ᠬᠥᠩ ᠲᠣᠰᠬᠤᠨ᠂ ᠤᠯᠢᠶᠠᠰᠤ ᠨᠠᠭᠤᠷ᠂ ᠲᠢᠶᠠᠨ ᠾᠧᠩ ᠡᠮ ᠦᠢᠯᠡᠳᠬᠦ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃    
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ