ᠡᠪᠦᠯ ᠤᠨ ᠠᠭᠤᠷ ᠤᠷᠤᠭᠰᠠᠨ ᠠᠴᠠ ᠨᠠᠰᠢ᠂ ᠨᠡᠭᠦᠷᠡᠰᠦᠨ ᠤ ᠦᠨ᠎ᠡ ᠦᠷᠭᠦᠯᠵᠢᠯᠡᠨ ᠥᠰᠴᠦ᠂ ᠣᠯᠠᠩᠬᠢ ᠬᠦᠮᠦᠰ ᠤᠨ ︽ᠪᠤᠬᠢᠨᠢᠳᠤᠵᠤ ᠪᠠᠶᠢᠭ᠎ᠠ ᠶᠠᠪᠤᠳᠠᠯ | ︾ ᠪᠣᠯᠪᠠ᠃ ᠨᠡᠩ ᠢᠯᠡᠩᠭᠤᠶ᠎ᠠ ᠵᠠᠷᠢᠮ ᠮᠠᠯᠴᠢᠨ ᠲᠠᠷᠢᠶᠠᠴᠢᠨ ᠳᠤ ᠨᠡᠭᠦᠷᠡᠰᠦᠨ ᠤ ᠦᠨ᠎ᠡ ᠬᠡᠲᠦ ᠥᠨᠳᠥᠷ᠂ ᠨᠡᠭᠦᠷᠡᠰᠦ ᠬᠠᠳᠠᠭᠠᠯᠠᠭᠰᠠᠨ ᠨᠢ ᠬᠦᠢᠴᠡᠳ ᠥᠬᠡᠶ ᠠᠴᠠ | ᠪᠣᠯᠵᠣ᠂ ᠡᠪᠦᠯ ᠤᠨ ᠤᠯᠠᠷᠢᠯ ᠤᠨ ᠳᠤᠯᠠᠭᠠᠯᠠᠭ᠎ᠠ ᠪᠠᠨ ᠪᠠᠲᠤᠯᠠᠬᠤ ᠶᠢᠨ ᠠᠷᠭ᠎ᠠ ᠥᠬᠡᠶ ᠪᠣᠯᠵᠠᠶ᠃ ᠡᠳᠡᠭᠡᠷ ᠬᠦᠮᠦᠰ ᠤᠨ ᠬᠦᠴᠢᠷ ᠠᠰᠠᠭᠤᠳᠠᠯ ᠢ ᠰᠢᠢᠳᠪᠦᠷᠢᠯᠡᠬᠦ | ᠶᠢᠨ ᠲᠥᠯᠥᠭᠡ᠂ ᠣᠷᠠᠳ ᠤᠨ ᠡᠮᠥᠨᠡᠲᠤ ᠬᠤᠰᠢᠭᠤᠨ ᠤ ᠪᠠᠶᠠᠨᠬᠤᠸᠠ ᠪᠠᠯᠭᠠᠰᠤ ᠬᠢᠮᠲᠠᠷᠠᠯ ᠲᠠᠢ ᠨᠡᠭᠦᠷᠡᠰᠦ ᠶᠢ ᠮᠠᠯᠴᠢᠨ ᠲᠠᠷᠢᠶᠠᠴᠢᠳ ᠲᠤ ᠣᠯᠭᠤᠨ ᠦᠭᠴᠦ | ᠲᠡᠳᠡᠨ ᠤ ᠡᠪᠦᠯ ᠤᠨ ᠲᠣᠯᠠᠭᠠᠯᠭ᠎ᠠ ᠶᠢ ᠪᠠᠲᠣᠯᠠᠭᠰᠠᠨ ᠪᠠᠶᠢᠨ᠎ᠠ᠃ | 11 ᠰᠠᠷ᠎ᠠ ᠶᠢᠨ 15 ᠤ ᠦᠳᠡ ᠬᠤᠶᠢᠨ᠎ᠠ᠂ ᠣᠷᠠᠳ ᠤᠨ ᠡᠮᠥᠨᠡᠲᠤ ᠬᠤᠰᠢᠭᠤᠨ ᠤ ᠪᠠᠶᠠᠨᠬᠤᠸᠠ ᠪᠠᠯᠭᠠᠰᠣᠨ ᠤ ᠮᠠᠯᠴᠢᠨ ᠲᠠᠷᠢᠶᠠᠴᠢᠳ ᠤᠨ ᠬᠦᠰᠡᠨ | ᠬᠦᠯᠢᠶᠡᠵᠦ ᠪᠠᠶᠢᠭ᠎ᠠ ᠲᠦᠷᠦᠭᠦᠦ ᠪᠦᠯᠦᠭ ᠤᠨ 460 ᠭᠠᠷᠤᠶ ᠲᠣᠨ ︽ᠰᠡᠳᠬᠢᠯ ᠢ ᠲᠣᠯᠠᠭᠠᠴᠠᠭᠤᠯᠬᠤ ᠨᠡᠭᠦᠷᠡᠰᠣ︾ ᠪᠠᠶᠠᠨᠬᠤᠸᠠ ᠪᠠᠯᠭᠠᠰᠤᠨ ᠳᠤ ᠬᠦᠷᠪᠡ᠃ ︽ | ᠰᠡᠳᠬᠢᠯ ᠢ ᠲᠣᠯᠠᠭᠠᠴᠠᠭᠤᠯᠬᠤ ᠨᠡᠭᠦᠷᠡᠰᠣ︾ ᠶᠢ ᠲᠠᠷᠬᠠᠭᠠᠬᠤ ᠴᠢᠭ ᠲᠤ᠂ ᠨᠡᠭᠦᠷᠡᠰᠦ ᠠᠪᠬᠤ ᠪᠠᠷ ᠢᠷᠡᠭᠰᠡᠨ ᠮᠠᠯᠴᠢᠨ ᠲᠠᠷᠢᠶᠠᠴᠢᠳ ᠤᠨ ᠴᠢᠷᠠᠢ ᠲᠤ | ᠢᠨᠢᠶᠡᠮᠰᠦᠭᠯᠡᠯ ᠲᠣᠲᠣᠷᠠᠨ᠂ ︽ᠵᠠᠩᠭᠢᠯᠠᠭ᠎ᠠ ᠶᠢᠨ ᠴᠠᠭ ᠲᠤ ᠨᠠᠮ ᠵᠠᠰᠠᠭ᠂ ᠪᠠᠯᠭᠠᠰᠣᠨ ᠠᠴᠠ ᠪᠢᠳᠡᠨ ᠳᠤ ᠬᠢᠮᠳᠠᠷᠠᠯ ᠲᠠᠢ ᠨᠡᠭᠦᠷᠡᠰᠦ ᠶᠢ ᠣᠯᠭᠤᠵᠣ ᠦᠭᠭᠦᠭᠰᠡᠨ | ᠂ ᠪᠢᠳᠠᠨ ᠤ ᠡᠨᠡ ᠡᠪᠦᠯ ᠤᠨ ᠳᠤᠯᠠᠭᠠᠯᠠᠭ᠎ᠠ ᠶᠢᠨ ᠵᠠᠷᠣᠳᠠᠯ ᠢ ᠪᠠᠭ᠎ᠠ ᠪᠤᠰᠤ ᠠᠷᠪᠢᠯᠠᠭᠰᠠᠨ︾ ᠭᠡᠵᠦ ᠪᠠᠶᠠᠷᠲᠠᠢ ᠬᠡᠯᠡᠵᠦ ᠪᠠᠶᠢᠯ᠎ᠠ᠃ | ᠣᠷᠠᠳ ᠤᠨ ᠡᠮᠥᠨᠡᠲᠣ ᠬᠤᠰᠢᠭᠤᠨ ᠤ ᠪᠠᠶᠠᠨᠬᠤᠸᠠ ᠪᠠᠯᠭᠠᠰᠣ ᠲᠣᠰ ᠣᠳᠠᠭᠠᠨ ᠤ ︽ᠬᠢᠮᠳᠠᠷᠠᠯ ᠲᠠᠢ ᠨᠡᠭᠦᠷᠡᠰᠦ︾ ᠶᠢ ᠲᠣᠬᠠᠢ ᠶᠢᠨ ᠭᠠᠵᠠᠷ ᠤᠨ ᠮᠠᠯᠴᠢᠨ | ᠲᠠᠷᠢᠶᠠᠴᠢᠨ ᠳᠤ ᠣᠯᠭᠤᠵᠣ᠂ ᠲᠡᠳᠡᠨ ᠤ ᠠᠮᠢᠳᠤᠷᠠᠯ ᠳᠤᠮᠳᠠᠬᠢ ᠪᠣᠳᠠᠲᠠᠶ ᠬᠦᠴᠢᠷᠳᠡᠯ ᠢ ᠦᠨᠡᠨ ᠬᠦ ᠰᠢᠢᠳᠪᠦᠷᠢᠯᠡᠪᠡ᠃ ᠬᠤᠶᠢᠰᠢᠳᠠ ᠪᠠᠯᠭᠠᠰᠣᠨ ᠠᠴᠠ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠦᠷᠭᠦᠯᠵᠢᠯᠡᠨ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠥᠬᠦ ᠬᠦᠴᠦᠨ ᠢᠶᠠᠷ ᠢᠶᠠᠨ ᠪᠣᠳᠠᠲᠠᠶᠢᠵᠢᠭᠤᠯᠣᠨ᠂ | ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠨᠡᠭᠦᠷᠡᠰᠦ ᠬᠡᠷᠡᠭᠯᠡᠬᠦ ᠡᠯ᠎ᠡ ᠲᠦᠷᠦᠯ ᠤᠨ ᠠᠵᠢᠯ ᠢ ᠪᠥᠬᠦ ᠶᠠᠪᠤᠴᠠ ᠪᠠᠷ ᠬᠠᠷᠢᠭᠤᠴᠠᠵᠤ᠂ ︽ | ᠨᠢᠭᠡ ᠬᠡᠷ ᠢ ᠴᠦ ᠬᠦᠢᠲᠡᠨ ᠪᠠᠶᠢᠯᠭᠠᠬᠤ ᠥᠬᠡᠶ︾ ᠪᠠᠶᠢᠬᠤ ᠶᠢ ᠪᠡᠶᠡᠯᠡᠬᠦᠯᠬᠦ ᠪᠠᠷ ᠪᠣᠢ᠃ |