ᠶᠠᠳᠠᠭᠤ ᠬᠦᠴᠢᠷᠳᠡᠯᠲᠡᠶ ᠡᠷᠦᠬᠡ ᠤᠣ ᠡᠯ ᠫᠢᠩ ‍ᠤᠨ‌‍ᠬᠦ᠋ᠯᠡᠮᠵᠢ ᠳᠣᠲᠣᠷᠠᠬᠢ ᠡᠯᠪᠡᠭ ᠬᠤᠷᠢᠶᠠᠯᠲᠠ
ᠨᠡᠶᠢᠲᠡᠯᠡᠭᠰᠡᠨ ᠴᠠᠭ᠄
2021/11/23
     ᠤᠷᠠᠳ ᠤᠨ ᠡᠮᠦᠨᠡᠲᠦ ᠬᠤᠰᠢᠭᠤᠨ ᠤ ᠰᠢᠶᠠᠨ ᠹᠧᠩ ᠪᠠᠯᠭᠠᠰᠤᠨ ᠤ ᠶᠦᠩ ᠹᠦ᠋ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠤᠣ ᠡᠯ ᠫᠢᠩ ᠤᠯᠤᠰ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠳᠤ ᠲᠦᠰᠢᠭᠯᠡᠨ ᠶᠠᠳᠠᠭᠤ ᠠᠴᠠ ᠠᠩᠭᠢᠵᠢᠷᠠᠵᠠᠢ᠃ ᠡᠨᠡ ᠵᠢᠯ ᠲᠠᠷᠡ ᠬᠦᠯᠡᠮᠵᠢ ᠳᠠᠭᠠᠭᠠᠴᠢᠯᠠᠨ᠂ ᠲᠥᠬᠦᠭᠡᠷᠦᠮᠵᠢᠲᠦ ᠲᠠᠷᠢᠶᠠᠯᠠᠩ ᠢ ᠬᠦᠭᠵᠢᠭᠦᠯᠥᠭᠰᠡᠨ ᠠᠴᠠ ᠵᠢᠵᠢᠭᠬᠡᠨ ᠬᠦᠯᠡᠮᠵᠢ ᠨᠢ ᠲᠡᠭᠦᠨ ᠤ ᠪᠠᠶᠠᠵᠢᠯ ᠤᠨ ᠵᠠᠮ ᠢ ᠨᠡᠭᠡᠭᠡᠬᠦ ︽ᠠᠯᠲᠠᠨ ᠲᠦᠯᠬᠢᠭᠦᠷ︾ ᠪᠣᠯᠤᠭᠰᠠᠨ ᠪᠠᠶᠢᠨ᠎ᠠ᠃ ᠨᠢᠭᠡ ᠵᠢᠯ ᠤᠨ ᠲᠤᠷᠰᠢ ᠤᠣ ᠡᠯ ᠫᠢᠩ ᠬᠡᠤᠬᠡᠳ ᠠᠰᠠᠷᠠᠬᠤ ᠲᠠᠢ ᠠᠳᠠᠯᠢ ᠪᠠᠷ ᠬᠦᠯᠡᠮᠵᠢ ᠶᠢᠨ ᠢᠳᠡᠰᠢᠨ ᠨᠣᠭᠤᠭ᠎ᠠ ᠪᠠᠨ ᠨᠠᠷᠢᠨ ᠨᠢᠮᠪᠡᠢ ᠠᠷᠠᠴᠢᠯᠠᠭᠰᠠᠨ ᠠᠴᠠ ᠡᠯᠪᠡᠭ ᠬᠤᠷᠢᠶᠠᠯᠲᠠ ᠣᠯᠪᠠ᠃     ᠡᠨᠡ ᠬᠤᠶᠠᠷ ᠡᠳᠦᠷ᠂ ᠤᠣ ᠡᠯ ᠫᠢᠩ ᠡᠬᠡᠨᠡᠷ ᠲᠠᠢ ᠪᠠᠨ ᠬᠦᠯᠡᠮᠵᠢ ᠳᠤ ᠪᠠᠨ ᠵᠠᠭᠠᠷᠠᠵᠤ ᠪᠤᠷᠴᠠᠭ ᠢᠶᠠᠨ ᠬᠤᠷᠢᠶᠠᠨ᠎ᠠ᠃ ᠤᠯᠠᠷᠢᠯ ᠰᠥᠷᠴᠦ ᠵᠠᠬ᠎ᠠ ᠳᠡᠯᠭᠡᠭᠦᠷ ᠲᠤ ᠭᠠᠷᠤᠭᠰᠠᠨ ᠪᠣᠯᠬᠤᠷ ᠪᠤᠷᠴᠠᠭ ᠤᠨ ᠦᠨ᠎ᠡ ᠬᠠᠩᠰᠢ ᠨᠢ ᠤᠯᠠᠷᠢᠯ ᠤᠨ ᠬᠢ ᠠᠴᠠ ᠢᠯᠡᠭᠦᠦ ᠥᠨᠳᠦᠷ ᠥᠷᠲᠡᠭ ᠪᠠᠷ ᠬᠤᠳᠠᠯᠳᠤᠳᠠᠭ ᠪᠠᠶᠢᠨ᠎ᠠ᠃ ᠤᠣ ᠡᠯ ᠫᠢᠩ ᠰᠤᠷᠪᠤᠯᠵᠢᠯᠠᠭᠴᠢ ᠳᠤ ᠬᠡᠯᠡᠬᠦ ᠳᠡᠭᠡᠨ᠄ ᠪᠤᠷᠴᠠᠭ ᠪᠣᠯ ᠲᠡᠭᠦᠨ ᠤ ᠡᠨᠡ ᠵᠢᠯ ᠤᠨ ᠬᠦᠯᠡᠮᠵᠢ ᠳᠤ ᠲᠠᠷᠢᠭᠰᠠᠨ ᠬᠤᠶᠠᠳᠤᠭᠠᠷ ᠵᠦᠢᠯ ᠤᠨ ᠲᠠᠷᠢᠮᠠᠯ ᠪᠣᠯᠤᠨ᠎ᠠ᠂ ᠮᠦ ᠪᠦᠷᠢ ᠶᠢᠨ ᠤᠨᠠᠯᠲᠠ ᠨᠢ ᠳᠦᠷᠪᠡᠨ ᠮᠢᠩᠭᠠᠨ ᠵᠢᠩ᠂ ᠬᠤᠶᠠᠷ ᠮᠦ ᠭᠠᠷᠤᠶ ᠶᠢᠨ ᠪᠤᠷᠴᠠᠭ ᠤᠨ ᠲᠠᠷᠢᠮᠠᠯ ᠠᠴᠠ ᠪᠠᠷᠤᠭ 4 ᠲᠦᠮᠡᠨ ᠲᠥᠭᠦᠷᠢᠭ ᠤᠨ ᠣᠷᠤᠯᠭ᠎ᠠ ᠤᠯᠬᠤ ᠪᠣᠯᠤᠨ᠎ᠠ ᠬᠡᠵᠠᠢ᠃      ᠤᠣ ᠡᠯ ᠫᠢᠩ ᠪᠣᠯ ᠰᠢᠶᠠᠨ ᠹᠧᠩ ᠪᠠᠯᠭᠠᠰᠤᠨ ᠤ ᠳᠠᠩᠰᠠ ᠪᠠᠶᠢᠭᠤᠯᠤᠨ ᠺᠠᠷᠲ᠋ᠠᠯᠠᠭᠰᠡᠨ ᠶᠠᠳᠠᠭᠤ ᠬᠦᠴᠢᠷᠳᠡᠯᠲᠡᠶ ᠡᠷᠦᠬᠡ ᠶᠢᠨ ᠨᠢᠭᠡ ᠶᠤᠮ᠃ ᠤᠤᠯ ᠨᠢ ᠲᠡᠳᠡᠨ ᠤ ᠬᠢᠨ ᠵᠥᠪᠬᠡᠨ ᠬᠤᠶᠠᠷ ᠮᠦ ᠲᠠᠷᠢᠶᠠᠨ ᠭᠠᠵᠠᠷ ᠲᠠᠢ ᠪᠠᠶᠢᠵᠤ᠂ ᠣᠯᠠᠨ ᠵᠢᠯ ᠤᠨ ᠲᠤᠷᠰᠢ᠂ ᠨᠢᠭᠡ ᠭᠡᠷ ᠤᠨ ᠬᠥᠮᠦᠰ ᠤᠨ ᠠᠮᠢᠳᠤᠷᠠᠯ ᠨᠢ ᠭᠤᠤᠯᠳᠠᠭᠤ ᠲᠡᠭᠦᠨ ᠤ ᠭᠠᠳᠠᠭᠰᠢ ᠭᠠᠷᠴᠤ ᠠᠷᠰᠠᠷ ᠠᠵᠢᠯ ᠬᠢᠬᠦ ᠳᠤ ᠲᠤᠯᠭᠠᠭᠤᠷᠢᠯᠠᠳᠠᠭ ᠪᠠᠢᠵᠠᠢ᠃ ᠡᠨᠡ ᠬᠤᠶᠠᠷ ᠵᠢᠯ ᠳᠤ᠂ ᠣᠨᠤᠪᠴᠢᠲᠠᠢ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠬᠠᠪᠰᠤᠷᠤᠯᠭ᠎ᠠ ᠪᠠᠷ᠂ ᠤᠣ ᠡᠯ ᠫᠢᠩ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠦ ᠶᠢᠨ ᠪᠣᠳᠤᠯᠭ᠎ᠠ ᠪᠠᠷ ᠳᠠᠮᠵᠢᠨ᠂ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠠᠮᠢᠳᠤᠷᠠᠯ ᠨᠢ ᠠᠭᠠᠵᠢᠮ ᠢᠶᠠᠷ ᠰᠠᠶᠢᠵᠢᠷᠠᠪᠠ᠃ ᠲᠡᠷᠡ 2019 ᠣᠨ ᠳᠤ ᠶᠠᠳᠠᠭᠤ ᠠᠴᠠ ᠠᠩᠭᠢᠵᠢᠷᠠᠵᠤ᠂ ᠰᠠᠶᠢᠨ ᠰᠠᠶᠢᠬᠠᠨ ᠠᠮᠢᠳᠤᠷᠠᠯ ᠢ ᠥᠩᠭᠡᠷᠡᠭᠦᠯᠬᠦ ᠪᠠᠷ ᠢᠲᠡᠭᠡᠯ ᠲᠡᠭᠦᠯᠳᠡᠷ ᠪᠣᠯᠤᠭᠰᠠᠨ ᠢᠶᠠᠷ ᠪᠠᠷᠠᠬᠤ ᠦᠭᠡᠢ 2020 ᠤᠨ ᠤ ᠬᠠᠪᠤᠷ᠂ ᠰᠢᠶᠠᠨ ᠹᠧᠩ ᠪᠠᠯᠭᠠᠰᠤᠨ ᠤ ᠵᠠᠰᠠᠭ ᠤᠨ ᠣᠷᠳᠣᠨ ᠤ ᠢᠳᠡᠪᠬᠢᠲᠡᠢ ᠵᠢᠯᠣᠭᠤᠳᠤᠯᠭ᠎ᠠ ᠪᠠᠷ᠂ ᠲᠣᠰᠬᠤᠨ ᠳᠤ ᠪᠠᠨ ᠬᠦᠯᠡᠮᠵᠢ ᠳᠠᠭᠠᠭᠠᠴᠢᠯᠠᠵᠤ᠂ ᠲᠤᠬᠠᠶ ᠶᠢᠨ ᠭᠠᠵᠠᠷ ᠤᠨ ᠣᠨᠴᠠᠯᠢᠭᠲᠤ ᠠᠮᠲᠠᠲᠤ ᠴᠠᠭᠠᠨ ᠬᠡᠮᠬᠡ ᠲᠠᠷᠢᠪᠠ᠃ ᠣᠬᠤᠷᠬᠠᠨ ᠬᠤᠶᠠᠷ ᠰᠠᠷ᠎ᠠ ᠶᠢᠨ ᠳᠣᠲᠣᠷ᠎ᠠ ᠠᠮᠳᠠᠲᠤ ᠴᠠᠭᠠᠨ ᠬᠡᠮᠬᠡ ᠶᠢᠨ ᠴᠡᠪᠡᠷ ᠣᠷᠣᠯᠭ᠎ᠠ ᠨᠢ ᠨᠢᠭᠡ ᠲᠦᠮᠡ ᠬᠤᠶᠠᠷ ᠮᠢᠩᠭᠠᠨ ᠲᠥᠭᠦᠷᠢᠭ ᠲᠤ ᠬᠦᠷᠴᠤ᠂ ᠡᠭᠦᠨ ᠤ ᠳᠠᠷᠠᠭ᠎ᠠ ᠪᠠᠷ ᠨᠢ ᠪᠠᠰᠠ ᠪᠤᠷᠴᠠᠭ ᠲᠠᠷᠢᠨ᠂ ᠤᠯᠠᠷᠢᠯ ᠰᠥᠷᠬᠦ ᠪᠣᠷᠣᠯᠠᠭᠤᠯᠭ᠎ᠠ ᠶᠢ ᠠᠰᠢᠭᠯᠠᠭᠰᠠᠨ ᠠᠴᠠ ᠣᠷᠤᠯᠭ᠎ᠠ ᠨᠢ ᠶᠡᠭᠡ ᠪᠠᠷ ᠨᠡᠮᠡᠭᠳᠡᠪᠡ᠃     ᠤᠣ ᠡᠯ ᠫᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠬᠡᠳᠦ᠋ᠢᠪᠡᠷ ᠶᠠᠳᠠᠷᠠᠭᠠᠨ ᠲᠠᠢ ᠪᠣᠯᠪᠠᠴᠤ᠂ ᠡᠨᠡ ᠵᠢᠯ ᠤᠨ ᠬᠦᠯᠡᠮᠵᠢ ᠶᠢᠨ ᠣᠷᠤᠯᠭ᠎ᠠ ᠮᠠᠰᠢ ᠰᠠᠶᠢᠨ᠂ ᠪᠢ ᠶᠡᠭᠡ ᠬᠠᠨᠤᠮᠵᠢᠲᠠᠢ ᠪᠠᠶᠢᠨ᠎ᠠ᠃ ᠢᠷᠡᠬᠦ ᠵᠢᠯ ᠪᠠᠰᠠ ᠬᠦᠯᠡᠮᠵᠢ ᠳᠠᠭᠠᠭᠠᠴᠢᠯᠠᠨ ᠠᠪᠴᠤ᠂ ᠲᠦᠭᠦᠭᠡᠷᠥᠮᠵᠢᠲᠤ ᠲᠠᠷᠢᠶᠠᠯᠠᠩ ᠢ ᠬᠥᠭᠵᠢᠭᠦᠯᠬᠦ ᠪᠠᠷ ᠲᠦᠯᠥᠪᠯᠡᠵᠤ ᠪᠠᠶᠢᠨ᠎ᠠ᠃ ᠬᠤᠵᠢᠮ ᠤᠨ ᠠᠮᠢᠳᠥᠷᠠᠯ ᠳᠤ ᠪᠠᠨ ᠪᠢ ᠨᠡᠩ ᠶᠡᠭᠡ ᠢᠲᠡᠭᠡᠯ ᠲᠠᠢ ᠪᠣᠯᠤᠨ᠎ᠠ︾ ᠭᠡᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ