ᠭᠦᠩ ᠲᠢᠶᠠᠨ ᠲᠤᠰᠬᠤᠨ
ᠨᠡᠶᠢᠲᠡᠯᠡᠭᠰᠡᠨ ᠴᠠᠭ᠄
2021/11/24
      ᠭᠦᠩ ᠲᠢᠶᠠᠨ ᠲᠤᠰᠬᠤᠨ ᠪᠣᠯ ᠤᠷᠠᠳ ᠤᠨ ᠡᠮᠦᠨᠡᠲᠦ ᠬᠤᠰᠢᠭᠤᠨ ᠤ ᠰᠢ ᠰᠢᠶᠤᠤ ᠵᠤᠤ ᠪᠠᠯᠭᠠᠰᠤ ᠶᠢᠨ ᠨᠢᠭᠡᠨ ᠵᠠᠰᠠᠭ ᠵᠠᠬᠢᠷᠭᠠᠨ ᠤ ᠲᠤᠰᠬᠤᠨ ᠪᠣᠯᠤᠨ᠎ᠠ᠂ ᠲᠣᠰ ᠭᠠᠵᠠᠷ ᠲᠤ ᠪᠠᠨ《 ᠨᠡᠶᠢᠭᠡᠮ ᠵᠢᠷᠤᠮ ᠤᠨ ᠴᠢᠨᠡᠭᠡᠯᠢᠭ ᠲᠤᠰᠬᠤᠨ》 ᠭᠡᠰᠡᠨ ᠨᠡᠷᠡᠶᠢᠳᠡᠯ ᠲᠠᠢ᠃ 2014 ᠣᠨ ᠳᠤ ᠲᠠᠷᠢᠶᠠᠯᠠᠩ ᠤᠨ ᠶᠠᠮᠤᠨ ᠠᠴᠠ《 ᠳᠣᠮᠳᠠᠳᠣ ᠣᠯᠣᠰ ᠤᠨ ᠬᠠᠮᠤᠭ ᠤᠨ ᠭᠤᠶᠤ ᠰᠡᠯᠡᠭᠦᠴᠡᠯ ᠤᠨ ᠬᠦᠳᠡᠭᠡ ᠲᠤᠰᠬᠤᠨ》 ᠤ《 ᠣᠳᠣᠬᠢᠴᠢᠯᠠᠭᠰᠠᠨ ᠰᠢᠨ᠎ᠡ ᠲᠤᠰᠬᠤᠨ》 ᠢᠶᠠᠷ ᠦᠨᠡᠯᠡᠭᠰᠡᠨ ᠪᠦᠭᠡᠳ ᠪᠠᠶᠠᠨᠨᠠᠭᠤᠷ ᠬᠤᠲᠠ  ᠠᠴᠠ ᠰᠤᠩᠭᠤᠭᠳᠠᠭᠰᠠᠨ ᠴᠤᠷ ᠤᠨ ᠭᠠᠭᠴᠠ ᠭᠠᠴᠠᠭ᠎ᠠ ᠲᠤᠰᠬᠤᠨ ᠶᠤᠮ᠃ ᠠᠳᠡ ᠦᠵᠡᠰᠭᠦᠯᠡᠩ ᠤᠨ ᠣᠷᠳᠤᠨ᠂ ᠵᠠᠩ ᠦᠢᠯᠡ ᠶᠢᠨ ᠬᠦᠷᠢᠶᠡᠯᠡᠩ᠂  ᠠᠮᠢ ᠠᠬᠤᠢ ᠶᠢᠨ ᠬᠦᠷᠢᠶᠡᠯᠡᠩ ᠭᠡᠵᠦ ᠭᠤᠷᠪᠠᠨ ᠦᠵᠡᠭᠦᠯᠭᠡ ᠶᠢᠨ ᠲᠣᠭᠤᠷᠢᠭ ᠲᠠᠢ᠃ 

共田村1.jpg

      ᠭᠦᠩ ᠲᠢᠶᠠᠨ ᠲᠣᠰᠬᠤᠨ ᠤ ᠦᠵᠡᠰᠭᠦᠯᠡᠩ ᠤᠨ ᠣᠷᠳᠤᠨ ᠨᠢ ᠦᠨᠡᠨ ᠳᠡᠭᠡᠨ ᠪᠤᠷᠤᠲᠤᠬᠤᠢ ᠶᠢᠨ ᠲᠠᠷᠢᠶᠠᠯᠠᠩ ᠤᠨ ᠵᠠᠭᠤᠨ ᠵᠢᠯ ᠤᠨ ᠬᠤᠭᠤᠷᠤᠨᠳᠤᠬᠢ

ᠲᠡᠦᠬᠡ ᠶᠢᠨ ᠤᠷᠲᠤ ᠭᠤᠳᠤᠮ ᠪᠣᠯᠤᠨ᠎ᠠ᠃ ᠦᠵᠡᠰᠭᠦᠯᠡᠩ ᠤᠨ ᠣᠷᠳᠤᠨ ᠪᠣᠯ ᠦᠪᠦᠷ ᠮᠣᠩᠭᠤᠯ ᠤᠨ ᠠᠩᠬᠠᠳᠠᠬᠢ ᠪᠤᠷᠤᠲᠤᠬᠤᠢ ᠶᠢᠨ ᠬᠦᠳᠡᠭᠡ ᠲᠤᠰᠬᠤᠨ ᠤ

ᠦᠢᠯᠡᠳᠪᠦᠷᠢᠯᠡᠯ ᠠᠮᠢᠳᠦᠷᠠᠯ ᠢᠶᠠᠷ ᠭᠤᠣᠯ ᠰᠡᠳᠦᠪ ᠪᠤᠯᠭᠠᠭᠰᠠᠨ ᠵᠠᠩ ᠦᠢᠯᠡ ᠶᠢᠨ ᠳᠡᠯᠭᠡᠨ ᠦᠵᠡᠭᠦᠯᠬᠦ ᠣᠷᠳᠤᠨ ᠪᠠᠶᠢᠵᠤ᠂ ᠳᠣᠲᠤᠷ᠎ᠠ ᠨᠢ ᠠᠨᠵᠢᠰᠤ᠂ ᠦᠷᠡᠭᠡᠯᠡᠴᠢ

᠂ ᠮᠠᠯᠲᠠᠭᠤᠷ᠂ ᠰᠢᠳᠡᠮ ᠵᠡᠷᠭᠡ 8000 ᠭᠠᠷᠤᠢ ᠵᠦᠢᠯ ᠤᠨ ᠬᠠᠭᠤᠴᠢᠨ ᠮᠠᠶ᠋ᠢᠭ ᠤᠨ ᠲᠠᠷᠢᠶᠠᠯᠠᠩ ᠤᠨ ᠪᠠᠭᠠᠵᠢ ᠪᠤᠯᠤᠨ ᠲᠠᠷᠢᠶᠠᠴᠢᠨ ᠠᠶᠢᠯ ᠤᠨ ᠬᠡᠷᠡᠭᠰᠡᠯ ᠢ

ᠬᠤᠷᠢᠶᠠᠨ ᠬᠠᠳᠠᠭᠠᠯᠠᠪᠠ᠃

      ᠪᠦᠬᠦᠶᠢᠯᠡ ᠣᠷᠳᠤᠨ ᠤ ᠳᠣᠲᠤᠷ᠎ᠠ ᠨᠢ ᠵᠢᠷᠤᠭ᠂ ᠪᠢᠴᠢᠭ᠂ ᠪᠤᠳᠠᠰ ᠢ ᠵᠡᠷᠭᠡᠪᠡᠷ ᠳᠡᠯᠭᠡᠵᠤ᠂ ᠬᠠᠷᠢᠯᠴᠠᠨ ᠨᠦᠭᠦᠪᠦᠷᠢᠯᠡᠨ ᠲᠣᠬᠢᠷᠠᠭᠤᠯᠬᠤ ᠬᠡᠯᠪᠡᠷᠢ ᠢᠶᠠᠷ

ᠢᠷᠭᠡᠨ ᠣᠯᠣᠰ ᠤᠨ ᠦᠶ᠎ᠡ ᠠᠴᠠ ᠡᠬᠢᠯᠡᠨ ᠣᠳᠣ ᠬᠦᠷᠳᠡᠯᠡᠬᠢ ᠪᠣᠷᠤᠲᠣᠬᠤᠢ ᠣᠷᠤᠨ ᠤ ᠰᠤᠶᠤᠯ ᠵᠠᠩᠰᠢᠯ ᠪᠤᠯᠤᠨ ᠨᠢᠭᠡ ᠪᠦᠯᠦᠭ ᠬᠤᠪᠢᠰᠬᠠᠯ ᠤᠨ 

ᠪᠠᠭᠠᠲᠤᠷᠴᠤᠳ ᠤᠨ ᠦᠢᠯᠡ ᠶᠠᠪᠤᠳᠠᠯ  ᠢ ᠲᠡᠮᠳᠡᠭᠯᠡᠭᠰᠡᠨ ᠬᠤᠪᠤᠷ ᠨᠠᠨᠳᠢᠨ ᠰᠤᠶᠤᠯ ᠤᠨ ᠦᠪ ᠢ ᠳᠡᠯᠭᠡᠵᠦ ᠪᠠᠶᠢᠳᠠᠭ᠃

      ᠵᠠᠩ ᠦᠢᠯᠡ ᠶᠢᠨ ᠬᠦᠷᠢᠶᠡᠯᠡᠩ ᠳᠤ ᠪᠤᠳᠠᠭ᠎ᠠ ᠭᠤᠯᠢᠷ ᠤᠨ  ᠲᠡᠭᠡᠷᠡᠮ᠎ᠡ᠂ ᠲᠣᠰᠤᠨ ᠤ ᠦᠢᠯᠡᠳᠭᠡᠯ᠂ ᠰᠤᠶᠤᠯ ᠤᠨ ᠶᠡᠭᠡ ᠬᠤᠪᠢᠰᠬᠠᠯ ᠤᠨ ᠬᠦᠷᠢᠶ᠎ᠡ᠂

ᠭᠠᠵᠠᠷ ᠤᠨ ᠡᠵᠡᠨ ᠤ ᠬᠦᠷᠢᠶ᠎ᠡ ᠵᠢᠴᠢ ᠳᠠᠯᠠ ᠨᠠᠶᠠᠭᠠᠳ ᠣᠨ ᠤ ᠬᠦᠮᠦᠰ ᠤᠨ ᠰᠠᠭᠤᠵᠤ ᠪᠠᠶᠢᠭᠰᠠᠨ ᠭᠡᠷ ᠪᠠᠶᠢᠰᠢᠩ  ᠵᠡᠷᠭᠡ ᠪᠠᠶᠢᠳᠠᠭ᠃ ᠦᠵᠡᠰᠭᠦᠯᠡᠩ ᠤᠨ

ᠣᠷᠳᠤᠨ ᠤ ᠪᠠᠷᠠᠭᠤᠨ ᠲᠠᠯ᠎ᠠ ᠪᠠᠷ᠂ ᠪᠠᠰᠠ ᠭᠦᠩ ᠲᠢᠶᠠᠨ ᠠᠮᠢ ᠠᠬᠤᠢ ᠶᠢᠨ ᠬᠦᠷᠢᠶᠡᠯᠡᠩ ᠢ ᠪᠠᠶᠢᠭᠤᠯᠵᠤ᠂ ᠭᠤᠤᠯᠳᠠᠭᠤ᠄ ᠲᠠᠷᠢᠶᠠᠴᠢᠳ ᠤᠨ ᠰᠡᠯᠡᠭᠦᠴᠡᠯ ᠤᠨ

ᠲᠠᠯᠠᠪᠠᠢ᠂ ᠲᠠᠷᠢᠶᠠᠴᠢᠨ ᠡᠷᠦᠬᠡ ᠶᠢᠨ ᠪᠠᠶᠠᠰᠤᠯ ᠢᠳᠡᠭᠡᠨ ᠤᠮᠳᠠᠭᠠᠨ ᠤ ᠲᠣᠭᠤᠷᠢᠭ᠂ ᠲᠠᠷᠢᠶᠠᠴᠢᠳ ᠤᠨ ᠪᠠᠭ᠎ᠠ ᠴᠡᠴᠡᠷᠯᠢᠭ᠂ ᠲᠠᠷᠢᠶᠠᠯᠠᠩ ᠮᠠᠯ ᠠᠵᠤ ᠠᠬᠤᠢ ᠶᠢᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠪᠠᠶᠢᠳᠠᠭ᠃ ᠠᠮᠢ ᠠᠬᠤᠢ ᠶᠢᠨ ᠬᠦᠷᠢᠶᠡᠯᠡᠩ ᠨᠢ ᠤᠷᠴᠢᠨ ᠲᠣᠭᠤᠷᠢᠨ ᠭᠤᠶᠤ

ᠦᠵᠡᠰᠭᠦᠯᠡᠩ᠂ ᠠᠭᠤᠷ ᠠᠮᠢᠰᠬᠤᠯ ᠰᠢᠨ᠎ᠡ  ᠰᠤᠷᠭᠤᠭ᠂ ᠬᠤᠲᠠ ᠶᠢᠨ ᠱᠣᠣᠭᠢᠶᠠᠨ ᠳᠤ ᠨᠦᠯᠦᠭᠡᠯᠡᠭᠳᠡᠬᠦ ᠦᠭᠡᠢ ᠪᠠᠶᠢᠵᠤ᠂ ᠪᠠᠶᠢᠭᠠᠯᠢᠯᠢᠭ ᠠᠮᠢᠳᠤᠷᠠᠯ ᠳᠤ ᠵᠣᠬᠢᠴᠠᠨ

ᠲᠠ ᠨᠠᠷ ᠲᠤ ᠰᠢᠨ᠎ᠡ ᠴᠠᠭ  ᠦᠶ᠎ᠡ ᠶᠢᠨ ᠬᠦᠳᠡᠭᠡ ᠲᠤᠰᠬᠤᠨ ᠤ ᠴᠡᠪᠡᠷ ᠪᠤᠷᠤᠭᠵᠢᠭᠤᠨ ᠠᠮᠢᠳᠤᠷᠠᠯ  ᠢ ᠣᠶᠢᠯᠠᠭᠠᠭᠤᠯᠵᠤ᠂ ᠵᠢᠩᠬᠢᠨᠢ ᠲᠠᠷᠢᠶᠠᠴᠢᠨ ᠡᠷᠦᠬᠡ ᠶᠢᠨ

ᠠᠮᠲᠠᠲᠤ ᠢᠳᠡᠭᠡᠨ ᠢ ᠠᠮᠰᠠᠭᠤᠯᠬᠤ ᠶᠤᠮ᠃ ᠵᠢᠱᠢᠶᠡᠯᠡᠪᠡᠯ ᠬᠦᠳᠡᠭᠡ ᠠᠶᠢᠯ ᠤᠨ ᠬᠠᠭᠤᠷᠠᠭᠰᠠᠨ ᠲᠠᠬᠢᠶᠠᠨ ᠦᠨᠳᠡᠭᠡ᠂ ᠬᠦᠴᠦᠲᠡᠢ ᠨᠣᠭᠤᠭ᠎ᠠ ᠲᠠᠢ ᠭᠠᠭ᠋ᠠᠢ ᠶᠢᠨ 

ᠮᠢᠬ᠎ᠠ ᠴᠢᠨᠠᠬᠤ᠂ ᠲᠦᠮᠦᠰᠦ ᠬᠠᠭᠤᠷᠬᠤ᠂ ᠪᠣᠣᠪᠤ ᠬᠠᠭᠠᠷᠢᠬᠤ ᠵᠡᠷᠭᠡ ᠪᠠᠶᠢᠳᠠᠭ᠃ ᠠᠳᠡ ᠲᠠ ᠨᠠᠷ ᠮᠢᠨᠢ ᠡᠵᠢ ᠭᠤᠣᠯ ᠤᠨ ᠤᠷᠤᠰᠬᠠᠯ ᠤᠨ ᠢᠷᠠᠭᠤᠬᠠᠨ

ᠠᠶᠠᠯᠭᠤ ᠶᠢ ᠰᠤᠨᠤᠷᠳᠠᠵᠤ ᠰᠠᠨᠠᠭ᠎ᠠ ᠠᠭᠤᠵᠢᠭᠤ ᠰᠡᠳᠭᠢᠯ ᠲᠡᠨᠢᠭᠦᠨ ᠵᠢᠷᠭᠠᠬᠤ ᠶᠤᠮ ᠳ᠋ᠠ᠃

      ᠠᠳᠡ᠂ ᠲᠠ ᠨᠠᠷ ᠪᠠᠰᠠ ᠦᠩᠭᠡ ᠪᠤᠯᠢᠶᠠᠯᠳᠤᠭᠰᠠᠨ ᠪᠠᠶᠢᠭᠠᠯᠢ ᠶᠢᠨ ᠦᠵᠡᠮᠵᠢ ᠶᠢ ᠰᠣᠨᠢᠷᠬᠠᠬᠤ ᠪᠣᠯᠤᠨ᠎ᠠ᠃8 ᠰᠠᠷ᠎ᠠ  ᠪᠣᠯᠬᠤ  ᠳᠤ᠂ ᠪᠣᠷᠤᠲᠣᠬᠤᠢ ᠶᠢᠨ

ᠭᠠᠵᠠᠷ ᠣᠷᠤᠨ ᠤ ᠪᠡᠯᠭᠡ ᠳᠡᠮᠳᠡᠭ ᠪᠣᠯᠣᠭᠰᠠᠨ ᠨᠠᠷᠠᠨ ᠬᠤᠸᠠᠷ ᠨᠢ ᠨᠠᠷᠠ ᠪᠠᠨ ᠳᠠᠭᠠᠵᠤ ᠮᠦᠰᠢᠶᠡᠨ ᠢᠨᠢᠶᠡᠮᠰᠦᠭᠯᠡᠵᠦ᠂ ᠪᠠᠳᠠᠷᠠᠨ ᠳᠡᠯᠭᠡᠷᠡᠭᠰᠡᠨ ᠴᠡᠴᠡᠭ ᠤᠨ 

ᠳᠡᠯᠪᠢ ᠨᠢ ᠠᠭᠤᠯᠠ ᠤᠰᠤᠨ ᠤ ᠬᠤᠭᠤᠷᠤᠨᠳᠤ ᠰᠠᠯᠬᠢᠨ ᠤ ᠠᠶ᠎ᠠ ᠪᠠᠷ ᠨᠠᠬᠢᠯᠵᠠᠨ᠂ ᠲᠠᠷᠭᠤᠨ ᠨᠠᠮᠤᠷ ᠤᠨ  ᠲᠠᠪᠠᠲᠠᠢ ᠰᠠᠶᠢᠬᠠᠨ ᠢ ᠮᠡᠳᠡᠭᠡᠯᠡᠨ᠎ᠡ᠃ ᠭᠠᠩᠭᠠᠩ

ᠪᠠᠶᠢᠭᠠᠯᠢ ᠶᠢᠨ ᠳᠣᠮᠳᠠᠬᠢ ᠬᠠᠷᠠᠭᠤᠯ ᠴᠡᠷᠢᠭ ᠭᠡᠮᠡᠷ ᠵᠢᠭᠳᠡᠷᠡᠨ ᠤᠷᠭᠤᠵᠤ᠂ ᠬᠤᠯᠠ ᠠᠴᠠ ᠪᠠᠷᠠᠭᠠᠯᠠᠬᠤᠶ᠎ᠠ ᠶᠠᠭ ᠯᠠ ᠵᠣᠮᠠᠯᠵᠢᠨ ᠢᠨᠢᠶᠡᠮᠰᠤᠭ᠍ᠯᠡᠭᠰᠡᠨᠨ  ᠨᠢᠯᠬ᠎ᠠ

ᠬᠡᠦᠬᠡᠳ ᠤᠨ ᠴᠢᠷᠠᠢ ᠠᠳᠠᠯᠢ ᠬᠦᠭᠡᠷᠦᠬᠦᠨ ᠬᠠᠷᠠᠭᠳᠠᠳᠠᠭ᠃ ᠭᠦᠩ ᠲᠢᠶᠠᠨ ᠲᠤᠰᠬᠤᠨ ᠤ ᠪᠠᠶᠢᠭᠤᠯᠤᠯᠲᠠ ᠨᠢ ᠪᠤᠷᠤᠲᠤᠬᠤᠢ ᠶᠢᠨ ᠠᠷᠠᠳ ᠲᠦᠮᠡᠨ ᠤ ᠪᠤᠷᠤᠭᠵᠢᠭᠤᠨ

ᠴᠠᠶᠢᠯᠭᠠᠨ ᠵᠠᠩ ᠠᠭᠠᠯᠢ ᠶᠢ ᠬᠠᠳᠠᠭᠠᠯᠠᠵᠤ᠂ ᠵᠠᠯᠠᠭᠤᠴᠣᠳ ᠪᠠᠭᠠᠴᠣᠳ ᠨᠢᠭᠡ ᠦᠶ᠎ᠡ ᠶᠢᠨ ᠬᠢᠨ ᠳᠤ ᠪᠤᠷᠤᠲᠣᠬᠤᠢ ᠶᠢᠨ ᠰᠤᠶᠤᠯ ᠢ ᠰᠢᠨᠡᠴᠢᠯᠡᠵᠤ᠂ ᠤᠷᠢᠳᠤᠬᠢ ᠶᠢ

ᠵᠠᠯᠭᠠᠮᠵᠢᠯᠠᠵᠤ ᠬᠤᠶᠢᠰᠢᠬᠢ ᠶᠢ ᠰᠡᠩᠭᠡᠷᠡᠭᠦᠯᠬᠦ ᠰᠤᠷᠭᠠᠨ ᠬᠦᠮᠦᠵᠢᠯ ᠤᠨ ᠣᠬᠢ ᠰᠠᠶᠢᠬᠠᠨ ᠦᠢᠯᠡᠳᠦᠯ ᠲᠠᠢ ᠶᠤᠮ᠃ 2012 ᠣᠨ ᠳᠤ ᠣᠯᠣᠰ ᠤᠨ ᠳᠡᠰ ᠤᠨ3A

ᠳᠡᠰ ᠤᠨ ᠵᠤᠭᠠᠴᠠᠯ ᠤᠨ ᠣᠷᠤᠨ ᠢᠶᠠᠷ ᠦᠨᠡᠯᠡᠭᠳᠡᠪᠡ ᠃ ᠪᠠᠶᠠᠨᠨᠠᠭᠤᠷ ᠬᠤᠲᠠ ᠠᠴᠠ ᠣᠯᠣᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠦᠮᠦᠵᠢᠯ ᠤᠨ ᠰᠠᠭᠤᠷᠢᠨ

ᠭᠠᠵᠠᠷ᠂ ᠪᠠᠶᠠᠨᠠᠭᠤᠷ ᠬᠤᠲᠠ ᠶᠢᠨ ᠳᠣᠮᠳᠠ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠶᠢᠨ ᠰᠠᠭᠤᠷᠢᠨ ᠭᠠᠵᠠᠷ ᠢᠶᠠᠷ ᠲᠣᠭᠲᠠᠭᠠᠭᠳᠠᠪᠠ

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ