ᠶᠡᠭᠡ ᠰᠢᠬᠡᠳᠡᠢ ᠪᠠᠯᠭᠠᠰᠤ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠲᠡᠮᠡᠴᠡᠯ ᠤᠨ ᠢᠲᠡᠭᠡᠯ ᠢᠶᠠᠨ ᠨᠡᠮᠡᠭᠳᠡᠭᠦᠯᠵᠦ ᠪᠡᠶᠢᠨ᠎ᠠ
ᠨᠡᠶᠢᠲᠡᠯᠡᠭᠰᠡᠨ ᠴᠠᠭ᠄
2021/11/25
     ᠤᠢᠢᠷ᠎ᠡ ᠶᠢᠨ ᠡᠳᠦᠷ ᠤᠳ ᠲᠤ᠂ ᠤᠷᠠᠳ ᠤᠨ ᠡᠮᠦᠨᠡᠲᠦ ᠬᠤᠰᠢᠭᠤᠨ ᠤ ᠶᠡᠭᠡ ᠰᠢᠭᠡᠲᠡᠢ ᠪᠠᠯᠭᠠᠰᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠪᠠ᠃ ᠤᠯᠠᠨ ᠢᠶᠠᠷ ᠢᠶᠠᠨ ᠴᠢᠩᠭ᠎ᠠ ᠲᠤᠰᠬᠠᠯ ᠲᠠᠢ ᠪᠠᠶᠢᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ᠂ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠡᠷᠡᠮᠡᠬᠡᠶᠢᠯᠡᠨ ᠤᠷᠤᠭᠰᠢᠯᠠᠵᠤ᠂ ᠪᠦᠬᠦ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ᠃     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠠᠮᠵᠢᠯᠲᠠ ᠲᠠᠢ ᠲᠡᠭᠦᠰᠦᠭᠡᠳ ᠬᠡᠳᠦᠨ ᠡᠳᠦᠷ ᠪᠣᠯᠤᠯ᠎ᠠ ᠂ ᠶᠡᠭᠡ ᠰᠢᠬᠡᠳᠡᠢ ᠪᠠᠯᠭᠠᠰᠤᠨ ᠤ ᠵᠠᠯᠠᠭᠤ ᠨᠠᠮ ᠤᠨ ᠭᠡᠰᠢᠭᠦᠨ ᠺᠠᠳ᠋ᠷᠴᠤᠳ ᠴᠠᠭ ᠲᠠᠢ ᠯᠠ ᠶᠤᠮ ᠪᠣᠯ ᠰᠦᠯᠵᠢᠶᠡᠨ ᠤ ᠵᠠᠭᠤᠴᠢᠯᠠᠭᠤᠷ ᠵᠡᠷᠭᠡ ᠲᠠᠪᠴᠠᠩ ᠢᠶᠠᠷ ᠳᠠᠮᠵᠢᠨ ᠨᠠᠷᠢᠨ ᠬᠢᠨᠠᠮᠠᠭᠠᠢ ᠰᠤᠷᠤᠯᠴᠠᠵᠤ᠂ ᠨᠠᠷᠢᠨ ᠬᠢᠨᠠᠮᠠᠭᠠᠢ ᠲᠡᠮᠳᠡᠭᠯᠡᠵᠦ᠂ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠶᠢᠯᠠᠭᠠᠪᠠ᠃ ᠣᠯᠠᠨ ᠢᠶᠠᠷ ᠢᠶᠠᠨ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠥᠬᠦ ᠲᠠᠯ᠎ᠠ ᠪᠠᠷ ᠳ᠋ᠦᠩᠨᠡᠵᠦ᠂ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ     
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ