ᠡᠮᠦᠨᠡᠲᠦ ᠬᠤᠰᠢᠭᠤᠨ ᠤ ᠳ᠋ᠦᠩ ᠹᠧᠩ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2021/11/25
    ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠨᠠᠩ ᠰᠠᠶᠢᠲᠤᠷ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠬᠦᠢᠴᠡᠳ ᠰᠠᠶᠢᠲᠤᠷ ᠬᠢᠵᠦ᠂ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠳᠤᠯᠠᠪᠠ᠃ ᠣᠶᠢᠷ᠎ᠠ ᠳᠤ᠂ ᠡᠮᠦᠨᠡᠲᠦ ᠬᠤᠰᠢᠭᠤᠨ ᠤ ᠳ᠋ᠦᠩ ᠹᠧᠩ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢᠨ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠳ ᠭᠤᠤᠯᠳᠠᠭᠤ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ᠢ ᠬᠦᠢᠴᠡᠳᠬᠡᠬᠦ᠂ ᠢᠳᠡᠭᠡᠨ ᠤ  ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠷᠢ ᠶᠢᠨ ᠲᠦᠷᠢᠮ ᠢ ᠨᠠᠶᠢᠳᠠᠪᠤᠷᠢᠵᠢᠭᠤᠯᠬᠤ᠂ ᠠᠵᠢᠯ ᠡᠷᠭᠢᠯᠡᠭᠰᠡᠳ ᠤᠨ ᠬᠦᠴᠦᠨ ᠪᠥᠬᠦᠶ ᠡᠷᠡᠭᠦᠯ ᠮᠡᠨᠳᠦ ᠶᠢᠨ ᠭᠡᠷᠡᠴᠢ ᠪᠠᠷ ᠠᠵᠢᠯ ᠤᠨ ᠪᠠᠶᠢᠷᠢ ᠳᠤ ᠭᠠᠷᠬᠤ᠂ ᠢᠳᠡᠭᠡᠨ ᠤ ᠵᠦᠢᠯ ᠤᠨ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠬᠠᠩᠭᠠᠬᠤ ᠬᠤᠳᠠᠯᠳᠤᠭᠠᠴᠢᠨ ᠤ ᠬᠢᠷᠢ ᠬᠡᠮ ᠵᠢᠴᠢ ᠬᠤᠳᠠᠯᠳᠤᠨ ᠠᠪᠤᠭᠰᠠᠨ ᠫᠢᠶᠣᠣ ᠪᠠᠷᠢᠮᠲᠠ ︵ᠨᠠᠷᠢᠨ ᠲᠠᠩᠰᠠ︶ ᠶᠢ ᠦᠯᠡᠳᠡᠭᠡᠨ ᠬᠠᠳᠠᠭᠠᠯᠠᠬᠤ᠂ ᠢᠳᠡᠭᠡᠨ ᠤ ᠵᠦᠢᠯ ᠤᠨ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠬᠥᠮᠥᠷᠭᠡ ᠳᠤ ᠣᠷᠣᠭᠤᠯᠤᠭᠰᠠᠨ ᠡᠬᠡ ᠲᠠᠩᠰᠠᠨ ᠳᠤ ᠲᠡᠮᠳᠡᠭᠯᠡᠬᠦ᠂ ᠢᠳᠡᠭᠡᠨ ᠤ ᠵᠦᠢᠯ ᠬᠠᠳᠠᠭᠠᠯᠠᠬᠤ ︵ᠬᠦᠢᠳᠡᠨ ᠢᠶᠠᠷ ᠬᠠᠳᠠᠭᠠᠯᠠᠬᠤ︶᠂ ᠡᠵᠡᠩᠨᠡᠯᠲᠡ ᠶᠢᠨ ᠲᠠᠯᠠᠪᠤᠷ ᠭᠠᠵᠠᠷ ᠤᠨ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ᠂ ᠬᠠᠩᠭᠠᠬᠤ ᠢᠳᠡᠭᠡᠨ ᠤ ᠥᠯᠢᠭᠡᠷ ᠶᠠᠩᠵᠤ ᠦᠯᠡᠳᠡᠭᠡᠬᠦ᠂ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠨ  ᠰᠡᠢᠳᠪᠦᠷᠢᠯᠡᠬᠦ ᠪᠡᠯᠡᠳᠬᠡᠯ ᠲᠥᠰᠦᠯ ︵ᠲᠥᠰᠦᠯ︶ ᠵᠡᠷᠭᠡ ᠲᠠᠯ᠎ᠠ ᠳᠤ ᠪᠠᠶᠢᠴᠠᠭᠠᠯᠲᠠ ᠬᠢᠬᠦ ᠬᠡᠷᠡᠭᠲᠡᠶ︔ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠪᠡᠯᠡᠳᠬᠡᠮᠵᠢ ᠲᠥᠬᠦᠭᠡᠷᠦᠮᠵᠢ ᠲᠣᠬᠢᠷᠠᠭᠤᠯᠬᠤ ᠵᠢᠴᠢ ᠠᠵᠢᠯᠯᠠᠭᠤᠯᠬᠤ ᠨᠢ ᠲᠣᠭᠲᠠᠭᠠᠯ ᠳᠤ ᠨᠡᠶᠢᠴᠡᠬᠦ ᠡᠰᠡᠬᠦ᠂ ᠬᠠᠤᠯᠢ ᠠᠴᠠ ᠵᠥᠷᠢᠴᠡᠨ ᠬᠤᠳᠠᠯᠳᠤᠨ ᠠᠪᠤᠭᠰᠠᠨ᠂ ᠠᠷᠭ᠎ᠠ ᠵᠠᠮ ᠨᠢ ᠲᠣᠳᠣᠷᠬᠠᠶ ᠦᠭᠡᠶ ᠲᠦᠭᠦᠬᠡᠶ ᠰᠢᠨ᠎ᠡ ᠰᠣᠷᠭᠤᠭ ᠮᠢᠬ᠎ᠠ ᠵᠢᠴᠢ ᠪᠦᠲᠦᠭᠡᠭᠳᠡᠬᠦᠨ᠂ ᠬᠤᠭᠤᠴᠠᠭ᠎ᠠ ᠨᠢ ᠥᠩᠭᠡᠷᠡᠭᠡᠳ ᠢᠯᠵᠢᠷᠡᠵᠦ ᠦᠮᠡᠬᠡᠶᠢᠷᠡᠭᠰᠡᠨ ᠬᠤᠷᠣᠬᠠᠶᠢᠲᠤᠭᠰᠠᠨ ᠢᠳᠡᠭᠡᠨ᠂ ᠴᠢᠨᠠᠷ ᠮᠠᠭᠤ ᠢᠳᠡᠰᠢᠨ ᠲᠣᠰᠣ᠂ ᠬᠢᠷᠢ ᠲᠡᠩᠴᠡᠬᠦ ᠦᠭᠡᠶ ᠠᠮᠲᠠ ᠣᠷᠣᠭᠤᠯᠬᠤ ᠡᠳ᠋ ᠵᠡᠷᠭᠡ ᠢᠳᠡᠭᠡᠨ ᠤ ᠲᠦᠭᠦᠬᠡᠶ ᠮᠠᠲ᠋ᠧᠷᠢᠶᠠᠯ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠪᠡ    
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ