ᠤᠷᠠᠳ ᠤᠨ ᠡᠮᠦᠨᠡᠳᠦ ᠬᠤᠰᠢᠭᠤ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯ ᠢ ᠥᠷᠨᠢᠭᠦᠯᠵᠦ ᠣᠯᠠᠨ ᠲᠦᠮᠡᠨ ᠤ ᠰᠦᠷᠳᠡᠭᠦᠯᠦᠯ ᠢ ᠡᠰᠡᠷᠭᠦᠴᠡᠬᠦ ᠤᠬᠠᠮᠰᠠᠷ ᠢ ᠲᠡᠭᠡᠭᠰᠢᠯᠡᠬᠦᠯᠪᠠ
ᠨᠡᠶᠢᠲᠡᠯᠡᠭᠰᠡᠨ ᠴᠠᠭ᠄
2021/11/25
    ᠬᠠᠷᠢᠶᠠᠲᠤ ᠣᠷᠣᠨ ᠤ ᠰᠦᠷᠳᠡᠭᠦᠯᠦᠯ ᠢ ᠡᠰᠡᠷᠭᠦᠴᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠭᠡᠨᠡᠳᠲᠡ ᠶᠢᠨ ᠬᠡᠷᠡᠭ ᠢ ᠠᠷᠭᠠᠴᠠᠬᠤ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠶᠢ ᠤᠬᠠᠭᠤᠯᠬᠤ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ 2021 ᠣᠨ ᠤ 11 ᠰᠠᠷ᠎ᠠ ᠶᠢᠨ 18 ᠤ ᠡᠳᠦᠷ᠂ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠨᠢ ᠪᠠᠩᠬᠢ ᠳᠤ ︽ᠰᠠᠭᠤᠷᠢ ᠰᠡᠷᠭᠡᠶᠢᠯᠡᠯᠲᠡ ᠶᠢ ᠴᠢᠩᠭᠠᠳᠬᠠᠵᠤ᠂ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ︾ ᠪᠠᠷ ᠭᠤᠤᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠤᠬᠠᠭᠤᠯᠭ᠎ᠠ ᠶᠢᠨ ᠠᠵᠢᠯᠯᠠᠭ᠎ᠠ ᠳᠤᠮᠳᠠ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠲᠤᠰᠬᠠᠶᠢᠯᠠᠨ ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ ᠨᠠᠰᠢ ᠴᠠᠰᠢ ᠶᠠᠪᠤᠵᠤ ᠪᠠᠶᠢᠭ᠎ᠠ ᠣᠯᠠᠨ ᠲᠦᠮᠡᠨ ᠳᠤ ︽ᠪᠦᠭᠦᠳᠡ  ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠰᠦᠷᠳᠡᠭᠦᠯᠦᠯ ᠤᠨ ᠬᠡᠷᠡᠭ ᠢ ᠠᠷᠭᠠᠴᠠᠬᠤ ᠠᠷᠭ᠎ᠠ ᠬᠡᠮᠵᠢᠶ᠎ᠡ᠂ ᠥᠪᠡᠷ ᠢ ᠪᠠᠨ ᠬᠠᠮᠠᠭᠠᠯᠠᠬᠤ ᠠᠷᠭ᠎ᠠ᠂ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠬᠠᠯᠠᠰᠢᠷᠠᠯ ᠦᠭᠡᠶ ᠲᠠᠶᠢᠯᠪᠤᠷᠢᠯᠠᠵᠤ ᠥᠭᠭᠦᠭᠰᠡᠨ ᠪᠥᠭᠡᠳ ᠣᠯᠠᠨ ᠲᠦᠮᠡᠨ ᠤ ᠰᠡᠵᠢᠭ ᠢ ᠠᠯᠳᠠᠷᠠᠭᠠᠵᠤ ᠥᠭᠭᠦᠭᠰᠡᠨ ᠪᠠᠶᠢᠨ᠎ᠠ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 160 ᠬᠤᠪᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠬᠥᠨᠳᠡᠯᠡᠨ ᠪᠢᠴᠢᠭᠡᠰᠦ ᠨᠢᠭᠡ ᠡᠯᠭᠦᠵᠦ᠂ ᠲᠤᠬᠠᠶ ᠶᠢᠨ ᠲᠠᠯᠠᠪᠠᠶ ᠳᠤ 30 ᠬᠥᠮᠦᠨ ᠤᠳᠠᠭ᠎ᠠ ᠶᠢᠨ ᠠᠰᠠᠭᠤᠯᠲᠠ ᠶᠢ ᠬᠠᠷᠢᠭᠤᠯᠪᠠ᠃    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠦᠷᠳᠡᠭᠦᠯᠦᠯ ᠢ ᠡᠰᠡᠷᠭᠦᠴᠡᠬᠦ ᠶᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠠᠭᠤᠭᠠᠯᠢ ᠠᠷᠠᠳ ᠲᠤ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠰᠠᠭᠤᠭᠠᠯᠢ ᠠᠷᠠᠳ ᠤᠨ ᠰᠦᠷᠳᠡᠭᠦᠯᠦᠯ ᠢ ᠡᠰᠡᠷᠭᠦᠴᠡᠬᠦ ᠤᠬᠠᠮᠰᠠᠷ ᠪᠠ ᠥᠪᠡᠷ ᠢ ᠪᠠᠨ ᠠᠪᠤᠷᠬᠠᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠳᠤ ᠤᠬᠠᠮᠰᠠᠷ ᠠᠴᠠ ᠪᠠᠨ ᠣᠷᠣᠯᠴᠠᠭᠤᠯᠵᠤ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠦ᠂ ᠰᠦᠷᠳᠡᠭᠦᠯᠦᠯ ᠢ ᠡᠰᠡᠷᠭᠦᠴᠡᠬᠦ ᠠᠷᠠᠳ ᠤᠨ ᠲᠡᠶᠢᠨ ᠢ ᠬᠠᠮᠲᠤ ᠪᠠᠷ ᠰᠠᠶᠢᠲᠤᠷ ᠬᠢᠪᠠ᠃
ᠢᠷᠡᠯᠲᠡ᠄ ᠲᠣᠲᠣᠷᠬᠠᠢ ᠦᠭᠡᠢ