ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ︽ᠪᠠᠶᠠᠷ ᠪᠠᠶᠠᠰᠣᠯ᠂ ᠪᠣᠯᠪᠠᠰᠤᠨ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/11/25
     11ᠰᠠᠷ᠎ᠠ ᠶᠢᠨ21 ᠤ ᠡᠳᠦᠷ᠂ ᠣᠷᠠᠳ ᠤᠨ ᠡᠮᠥᠨᠡᠲᠤ ᠬᠤᠰᠢᠭᠤᠨ ᠤ ᠤᠯᠠᠭᠠᠨᠮᠥ᠋ᠴᠢᠷ ︽ᠪᠠᠶᠠᠷ ᠪᠠᠶᠠᠰᠣᠯ᠂ ᠪᠣᠯᠪᠠᠰᠤᠨ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃     2017 ᠣᠨ ᠤ 11 ᠰᠠᠷ᠎ᠠ ᠶᠢᠨ 21 ᠤ ᠡᠳᠦᠷ ᠶᠡᠷᠦᠩᠬᠡᠢ ᠱᠦᠵᠢ ᠰᠢ ᠶᠢᠨ ᠫᠢᠩ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠨᠢ ᠪᠦᠬᠦ ᠣᠷᠣᠨ ᠤ ᠤᠯᠠᠭᠠᠨᠮᠥ᠋ᠴᠢᠷ ᠤᠨ ᠭᠡᠰᠢᠭᠦᠳ  ᠤᠨ ᠰᠡᠳᠬᠢᠯ ᠢ ᠳᠣᠭᠳᠣᠯᠤᠭᠤᠯᠵᠤ᠂ ᠢᠲᠡᠭᠡᠯ ᠵᠣᠷᠢᠭ ᠢ ᠨᠢ ᠬᠥᠪᠴᠢᠯᠡᠵᠡᠢ᠃ ᠡᠭᠦᠨ ᠠᠴᠠ ᠡᠬᠢᠯᠡᠨ ᠤᠯᠠᠭᠠᠨᠮᠥ᠋ᠴᠢᠷ ᠤᠨ ᠭᠡᠰᠢᠭᠦᠳ ᠰᠠᠯᠬᠢ ᠰᠢᠭᠤᠷᠭᠠᠨ ᠢ ᠰᠥᠷᠴᠦ᠂ ᠬᠠᠯᠠᠭᠤᠨ ᠬᠦᠢᠳᠡᠨ ᠢ ᠬᠠᠶᠢᠬᠤᠷᠣᠯ ᠦᠭᠡᠢ ᠪᠠᠷ ᠠᠵᠢᠯᠯᠠᠨ᠂ ᠲᠩᠷᠢ ᠪᠠᠷ ᠬᠥᠰᠢᠭᠡ ᠪᠠᠨ ᠪᠣᠯᠭᠠᠨ᠂ ᠭᠠᠵᠠᠷ ᠢᠶᠠᠷ ᠲᠠᠪᠴᠠᠩ ᠢᠶᠠᠨ ᠬᠢᠵᠣ᠂ ᠥᠷᠭᠡᠨ ᠤᠯᠠᠨ ᠮᠠᠯᠴᠢᠨ ᠲᠠᠷᠢᠶᠠᠴᠢᠨ ᠳᠤ ᠪᠠᠶᠠᠷ  ᠪᠠᠶᠠᠰᠣᠯ ᠪᠣᠯᠤᠨ ᠪᠣᠯᠪᠠᠰᠤᠨ ᠬᠦᠷᠭᠡᠵᠦ᠂ ᠨᠠᠮ ᠤᠨ ᠲᠠᠭᠤᠨ᠂ ᠬᠠᠶᠢᠷ᠎ᠠ ᠬᠠᠯᠠᠮᠵᠢ ᠶᠢ ᠲᠠᠰᠣᠷᠠᠯᠲᠠ ᠦᠭᠡᠢ ᠲᠠᠮᠵᠢᠭᠤᠯᠣᠭᠰᠠᠭᠠᠷ ᠢᠷᠡᠵᠡᠢ᠃ᠤᠷᠠᠳ ᠤᠨ ᠡᠮᠦᠨᠡᠲᠦ ᠬᠤᠰᠢᠭᠤᠨ ᠤ ᠤᠯᠠᠭᠠᠨᠮᠥ᠋ᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠦᠢᠯᠡᠰ  ᠤᠨ ᠬᠥᠭᠵᠢᠯᠲᠡ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠣᠷᠢᠵᠢᠭᠤᠯᠵᠣ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠪᠠᠶᠠᠷ ᠪᠠᠶᠠᠰᠣᠯ᠂ ᠪᠣᠯᠪᠠᠰᠤᠨ ᠬᠦᠷᠭᠡᠬᠦ︾ ᠦᠨᠳᠦᠰᠦᠨ ᠱᠠᠲᠤᠨ ᠤ  ᠦᠢᠯᠡᠴᠢᠯᠡᠭᠡᠨ ᠤ ᠠᠵᠢᠯᠯᠠᠭ᠎ᠠ  ᠶᠢ  ᠲᠣᠰ ᠬᠤᠰᠢᠭᠤᠨ ᠤ  ᠰᠢᠨ ᠠᠨ ᠪᠠᠯᠭᠠᠰᠣ᠂ ᠪᠠᠶᠠᠨᠬᠤᠸᠠ ᠪᠠᠯᠭᠠᠰᠤᠨ ᠳᠤ ᠦᠷᠨᠢᠭᠦᠯᠦᠭᠰᠡᠨ ᠪᠠᠶᠢᠨ᠎ᠠ᠃     ᠲᠣᠰ ᠣᠳᠠᠭᠠᠨ ᠤ  ᠲᠣᠭᠯᠠᠯᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠢᠶᠠᠨ ᠪᠣᠯᠭᠠᠵᠤ᠂ ᠬᠤᠶᠠᠷ ᠬᠦᠮᠦᠨ ᠤ ᠡᠯᠬᠦᠴᠡᠭᠡ ᠪᠠ ᠫᠠ ᠱᠠᠨ ᠠᠶᠠᠯᠭᠤ ᠶᠢᠨ ᠨᠠᠶᠢᠷᠠᠯ ᠳᠠᠭᠤᠤ᠂ ᠬᠤᠶᠠᠷ ᠬᠦᠮᠦᠨ ᠤ ᠡᠯᠬᠦᠴᠡᠭᠡ ᠶᠢᠨ ᠣᠲᠣ ᠦᠶ᠎ᠡ ᠶᠢᠨ ᠰᠢ ᠪᠥᠵᠢᠭ᠂ ᠭᠤᠴᠣᠯᠠᠯ ᠳᠠᠭᠤᠤ᠂ ᠬᠥᠭᠵᠢᠮ ᠤᠨ ᠲᠣᠭᠯᠠᠯᠲᠠ ᠵᠡᠷᠭᠡ ᠬᠡᠯᠪᠡᠷᠢ ᠪᠠᠷ ᠥᠷᠭᠡᠨ ᠣᠯᠠᠨ ᠲᠦᠮᠡᠨ ᠤ ᠰᠣᠨᠣᠰᠬᠤ ᠳᠤᠷᠠᠲᠠᠶ᠂ ᠣᠶᠢᠯᠠᠭᠠᠬᠤ ᠳᠤ ᠬᠢᠯᠪᠡᠷ ᠠᠷᠭ᠎ᠠ ᠪᠠᠷ  ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ︾᠂ ᠶᠡᠷᠦᠩᠬᠡᠶ ᠱᠦᠵᠢ ᠰᠢ ᠶᠢᠨ ᠫᠢᠩ ᠤᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠬᠢᠵᠢᠭ ᠢ ᠰᠡᠷᠭᠡᠶᠢᠯᠡᠨ ᠬᠢᠵᠢᠭ ᠲᠠᠢ ᠲᠡᠮᠡᠴᠡᠬᠦ︾ ᠮᠡᠳᠡᠯᠭᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ᠂ ᠨᠠᠮ ᠪᠣᠯᠤᠨ ᠤᠯᠤᠰ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠡᠷᠭᠡ ᠶᠢ ᠣᠯᠠᠮᠵᠢᠯᠠᠵᠤ ᠦᠭᠭᠦᠨ ᠦᠨᠳᠦᠰᠦᠨ ᠱᠠᠲᠤᠨ ᠤ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠵᠤ᠂ ᠲᠡᠳᠡᠨ ᠤ ᠡᠷᠡᠭᠦᠯ ᠢᠶᠠᠷ ᠠᠰᠢᠭᠲᠠᠶ ᠲᠠᠢ ᠪᠠᠷ ᠰᠣᠶᠣᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠪᠠ ᠵᠣᠯ ᠵᠢᠷᠭᠠᠯᠲᠤ ᠭᠡᠷ ᠣᠷᠣᠨ ᠢᠶᠠᠨ ᠪᠦᠲᠦᠭᠡᠨ ᠪᠠᠶᠢᠭᠤᠯᠬᠤ ᠬᠠᠯᠠᠭᠤᠨ ᠰᠡᠳᠬᠢᠯᠭᠡ ᠶᠢ ᠨᠢ ᠬᠥᠭᠵᠢᠭᠡᠵᠦ᠂ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠭᠰᠠᠨ ᠪᠠᠶᠢᠨ᠎ᠠ᠃   ᠣᠷᠠᠳ ᠤᠨ ᠡᠮᠥᠨᠡᠲᠤ ᠬᠤᠰᠢᠭᠤᠨ ᠤ ᠴᠠᠶᠢᠨ᠎ᠠ ᠮᠡᠳᠡᠭᠡᠯᠡᠪᠡ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ