ᠬᠡᠬᠦᠦ ᠶᠢᠨ ᠰᠦ
ᠨᠡᠶᠢᠲᠡᠯᠡᠭᠰᠡᠨ ᠴᠠᠭ᠄
2021/11/25
      ᠭᠡᠭᠦᠦ ᠶᠢᠨ ᠰᠦ ᠶᠢ ᠦᠨᠢᠶᠡᠨ ᠰᠦ ᠲᠠᠢ ᠬᠠᠷᠢᠴᠠᠭᠤᠯᠪᠠᠯ᠂ ᠭᠡᠭᠦᠦ ᠶᠢᠨ ᠰᠦᠨ ᠤ ᠰᠢᠬᠢᠷ ᠤᠨ ᠠᠭᠤᠯᠤᠭᠳᠠᠴᠠ ᠨᠢ ᠨᠡᠩ ᠠᠷᠪᠢᠨ ᠪᠠᠶᠢᠵᠤ᠂ ᠠᠮᠠᠷᠬᠠᠨ ᠰᠢᠬᠢᠷ ᠤᠨ ᠵᠦᠢᠯ ᠢ ᠰᠢᠩᠭᠡᠭᠡᠵᠦ᠂ ᠲᠡᠷᠡ ᠨᠢ ᠢᠰᠭᠡᠭᠦᠷ ᠤᠨ ᠦᠢᠯᠡᠳᠦᠯ ᠤᠨ ᠳᠤᠤᠷ᠎ᠠ ᠦᠵᠦᠮ ᠤᠨ ᠰᠢᠬᠢᠷ ᠪᠠ ᠬᠠᠭᠠᠰ ᠰᠦᠨ ᠰᠢᠬᠢᠷ ᠪᠣᠯᠣᠨ ᠵᠠᠳᠠᠷᠠᠳᠠᠭ᠃ ᠭᠡᠭᠦᠦ ᠶᠢᠨ ᠰᠦ ᠶᠢ ᠦᠨᠢᠶᠡᠨ ᠰᠦ ᠲᠠᠢ ᠬᠠᠷᠢᠴᠠᠭᠤᠯᠪᠠᠯ᠂ ᠦᠭᠡᠬᠦ ᠶᠢᠨ ᠠᠭᠤᠯᠤᠭᠳᠠᠴᠠ ᠪᠠᠭ᠎ᠠ ᠰᠢᠭ᠋᠂ ᠭᠡᠪᠡᠴᠦ ᠴᠢᠨᠠᠷ ᠨᠢ ᠰᠢᠷ᠎ᠠ ᠲᠤᠰᠤ ᠠᠴᠠ ᠰᠠᠶᠢᠨ ᠪᠠᠶᠢᠳᠠᠭ ᠃ ᠡᠭᠦᠨ ᠠᠴᠠ ᠭᠠᠳᠠᠨ᠎ᠠ᠂ ᠭᠡᠭᠦᠦ ᠶᠢᠨ ᠰᠦ ᠳᠤ ᠲᠠᠷᠠᠭ ᠤᠨ ᠣᠭᠤᠷᠠᠭ ᠵᠦᠪᠬᠡᠨ 1.05% ᠠᠭᠤᠯᠤᠭᠳᠠᠵᠤ᠂ ᠠᠭᠤᠰᠴᠤ ᠪᠤᠯᠠᠬᠤᠶᠢᠴᠠ ᠤᠭᠤᠷᠠᠭ 1.03% ᠪᠠᠶᠢᠳᠠᠭ᠃ ᠡᠶᠢᠮᠦ ᠠᠴᠠ ᠭᠡᠭᠦᠦ ᠶᠢᠨ ᠰᠦ ᠶᠢ ᠠᠮᠠᠷᠬᠠᠨ ᠰᠢᠩᠭᠡᠭᠡᠳᠡᠭ ᠣᠭᠤᠷᠠᠭ ᠤᠨ ᠰᠢᠨᠵᠢ ᠲᠠᠢ ᠰᠦᠨ ᠤ ᠲᠦᠷᠦᠯ ᠭᠡᠳᠡᠭ᠃ ᠭᠡᠭᠦᠦ ᠶᠢᠨ ᠰᠦ ᠳᠤ ᠪᠠᠰᠠ ᠰᠢᠪᠲᠤᠷᠲᠤ ᠬᠦᠴᠢᠯ ᠪᠠ ᠸᠢᠲ᠋ᠠᠮᠢᠨ ᠡᠯᠪᠡᠭ ᠪᠠᠶᠢᠳᠠᠭ᠃ ᠵᠢᠱᠢᠶᠡᠯᠡᠪᠡᠯ᠂ ᠸᠢᠲ᠋ᠠᠮᠢᠨ A᠂ ᠸᠢᠲ᠋ᠠᠮᠢᠨ B1᠂ ᠸᠢᠲ᠋ᠠᠮᠢᠨ B2᠂ ᠸᠢᠲ᠋ᠠᠮᠢᠨ B6᠂ ᠸᠢᠲ᠋ᠠᠮᠢᠨ B12᠂ ᠸᠢᠲ᠋ᠠᠮᠢᠨ C᠂ ᠸᠢᠲ᠋ᠠᠮᠢᠨ E᠂ ᠸᠢᠲ᠋ᠠᠮᠢᠨ F᠂ ᠸᠢᠲ᠋ᠠᠮᠢᠨ P᠂ ᠸᠢᠲ᠋ᠠᠮᠢᠨ H ᠵᠡᠷᠭᠡ ᠪᠤᠢ᠃ ᠡᠭᠦᠨ ᠳᠤ ᠸᠢᠲ᠋ᠠᠮᠢᠨ C ᠬᠠᠮᠤᠭ ᠠᠴᠠ ᠢᠯᠡᠭᠦᠦ ᠠᠭᠤᠯᠤᠭᠳᠠᠳᠠᠭ᠃ ᠴᠡᠭᠡ ᠳᠤ ᠢᠰᠭᠡᠭᠦᠷ ᠴᠤ ᠠᠷᠪᠢᠨ ᠠᠭᠤᠯᠤᠭᠳᠠᠵᠤ᠂ ᠺᠢᠯᠤᠭ᠍ᠷᠡᠮ ᠪᠦᠷᠢ ᠳᠤ 30-50 ᠭᠷᠠᠮ ᠡᠮᠴᠢᠯᠡᠭᠡᠨ ᠳᠤ ᠬᠡᠷᠡᠭᠯᠡᠬᠦ ᠢᠰᠭᠡᠭᠦᠷ ᠪᠤᠢ᠃ ᠴᠡᠭᠡ ᠳᠤ ᠰᠦᠨ ᠰᠢᠬᠢᠷ ᠤᠨ ᠠᠭᠤᠯᠤᠭᠳᠠᠴᠠ ᠪᠠᠭ᠎ᠠ᠂ ᠰᠦᠨ ᠬᠦᠴᠢᠯ ᠼᠤᠤ ᠬᠦᠴᠢᠯ ᠵᠡᠷᠭᠡ ᠪᠣᠳᠠᠰ ᠤᠨ ᠠᠭᠤᠯᠤᠭᠳᠠᠴᠠ ᠠᠷᠪᠢᠨ᠃        ᠴᠡᠭᠡ ᠶᠢᠨ ᠡᠮᠴᠢᠯᠡᠭᠡᠨ ᠤ ᠦᠢᠯᠡᠳᠦᠯ᠄        1. ᠵᠢᠷᠦᠬᠡᠨ ᠰᠤᠳᠠᠯ ᠤᠨ ᠡᠪᠡᠳᠴᠢᠨ ᠢ ᠡᠮᠨᠡᠬᠦ ᠦᠢᠯᠡᠳᠦᠯ ᠲᠠᠢ᠃ ᠴᠡᠭᠡ ᠨᠢ ᠴᠢᠰᠦ ᠶᠢ ᠰᠢᠩᠭᠡᠷᠡᠭᠦᠯᠵᠦ᠂ ᠴᠢᠰᠦᠨ ᠤ ᠦᠳᠭᠡᠴᠡ ᠶᠢ ᠪᠠᠭᠤᠷᠠᠭᠤᠯᠤᠨ᠂ ᠴᠢᠰᠤᠨ ᠤ ᠡᠷᠭᠢᠯᠲᠡ ᠶᠢ ᠰᠠᠶᠢᠵᠢᠷᠠᠭᠤᠯᠬᠤ ᠦᠢᠯᠡᠳᠦᠯ ᠲᠠᠢ᠃ ᠲᠡᠷᠡ ᠨᠢ ᠴᠢᠰᠦᠨ ᠤ ᠡᠷᠭᠢᠯᠲᠡ ᠶᠢ ᠲᠦᠷᠭᠡᠳᠭᠡᠨ ᠰᠤᠳᠠᠯ ᠤᠨ ᠬᠠᠨ᠎ᠠ ᠶᠢᠨ ᠳᠠᠷᠤᠯᠲᠠ ᠶᠢ ᠳᠤᠷᠤᠭᠰᠢᠯᠠᠭᠤᠯᠤᠨ᠂ ᠴᠢᠰᠤᠨ ᠰᠤᠳᠠᠯ ᠳᠡᠯᠪᠡᠷᠡᠬᠦ ᠪᠣᠶᠣ ᠪᠦᠯᠦᠩᠨᠡᠷᠡᠨ ᠪᠦᠷᠢᠯᠳᠦᠬᠦ ᠶᠢ ᠰᠡᠷᠭᠡᠶᠢᠯᠡᠵᠦ᠂ ᠴᠢᠰᠦᠨ ᠳᠠᠷᠤᠯᠲᠠ ᠦᠨᠳᠦᠷ  ᠡᠪᠡᠳᠴᠢᠨ ᠳᠤ ᠮᠠᠰᠢ ᠰᠠᠶᠢᠨ ᠡᠮᠴᠢᠯᠡᠭᠡᠨ ᠤ ᠦᠢᠯᠡᠳᠦᠯ ᠲᠠᠢ ᠪᠠᠶᠢᠳᠠᠭ᠃ ᠴᠡᠭᠡ ᠶᠢ ᠢᠰᠭᠡᠬᠦ ᠶᠠᠪᠤᠴᠠ ᠳᠤ ᠡᠭᠦᠰᠦᠭᠰᠡᠨ 0.5% ᠶᠢᠨ ᠰᠦᠨ ᠬᠦᠴᠢᠯ ᠨᠢ ᠡᠯᠢᠭᠡᠨ ᠳᠠᠬᠢ ᠰᠦᠰᠦᠨ ᠤ ᠭᠤᠨᠠᠨ ᠠᠯᠺᠦᠦᠯ ᠤᠨ ᠬᠡᠮᠵᠢᠶ᠎ᠡ ᠶᠢ ᠪᠠᠭᠤᠷᠠᠭᠤᠯᠬᠤ ᠦᠢᠯᠡᠳᠦᠯ ᠲᠠᠢ᠃ ᠴᠡᠭᠡ ᠨᠢ ᠪᠠᠰᠠ ᠲᠢᠲᠢᠮ ᠯᠤᠭᠰᠢᠭᠤᠨ ᠰᠤᠳᠠᠯ ᠤᠨ ᠰᠦᠰᠦᠨ ᠤ ᠭᠤᠨᠠᠨ ᠠᠯᠺᠦᠦᠯ ᠢ ᠢᠯᠡᠳᠲᠡ ᠳᠤᠷᠤᠭᠰᠢᠯᠠᠭᠤᠯᠤᠨ ᠴᠢᠰᠦᠨ ᠳᠤ ᠦᠭᠡᠬᠦ ᠪᠦᠷᠢᠯᠳᠦᠬᠦ ᠶᠢ ᠰᠡᠷᠭᠡᠶᠢᠯᠡᠬᠦ ᠦᠢᠯᠡᠳᠦᠯ ᠲᠠᠢ᠃ ᠠᠮᠧᠷᠢᠺᠡ ᠶᠢᠨ ᠬᠠᠮᠢᠶ᠎ᠠ ᠪᠦᠬᠦᠢ ᠮᠡᠷᠭᠡᠵᠢᠯᠲᠡᠨ ᠤ ᠰᠤᠳᠤᠯᠤᠭᠰᠠᠨ ᠢᠶᠠᠷ ᠴᠢᠰᠤᠨ ᠳᠠᠷᠤᠯᠲᠠ ᠦᠨᠳᠦᠷ ᠡᠪᠡᠳᠴᠢᠨ ᠪᠣᠯ ᠬᠦᠮᠦᠨ ᠤ ᠪᠡᠶ᠎ᠡ ᠳᠤ ᠺᠠᠯᠼ᠂ ᠺᠠᠯᠢ᠂ ᠸᠢᠲ᠋ᠠᠮᠢᠨ A ᠪᠠ ᠸᠢᠲ᠋ᠠᠮᠢᠨ C ᠳᠤᠲᠠᠭᠳᠠᠭᠰᠠᠨ ᠠᠴᠠ ᠪᠣᠯᠣᠭᠰᠠᠨ ᠭᠡᠳᠡᠭ᠃ ᠴᠠᠭᠠᠨ ᠢᠳᠡᠭᠡᠨ ᠤ ᠡᠳᠡᠭᠡᠷ ᠠᠭᠤᠯᠤᠭᠳᠠᠴᠠ ᠲᠤᠩ ᠦᠨᠳᠦᠷ ᠪᠠᠶᠢᠳᠠᠭ ᠲᠣᠯᠠ ᠴᠠᠭᠠᠨ ᠢᠳᠡᠭᠡᠨ ᠤ ᠵᠦᠢᠯᠡᠰ ᠢ ᠠᠷᠪᠢᠨ ᠡᠳ᠋ᠯᠡᠳᠡᠭ ᠬᠦᠮᠦᠨ ᠴᠢᠰᠦᠨ ᠳᠠᠷᠤᠯᠲᠠ ᠦᠨᠳᠦᠷᠵᠢᠬᠦ ᠪᠣᠯᠣᠮᠵᠢ ᠪᠠᠭ᠎ᠠ ᠪᠠᠶᠢᠳᠠᠭ᠃ ᠴᠡᠭᠡ ᠳᠠᠬᠢ ᠡᠯᠪᠡᠭ ᠪᠠᠶᠠᠯᠢᠭ ᠨᠠᠪᠴᠢᠨ ᠬᠦᠴᠢᠯ᠂ ᠸᠢᠲ᠋ᠠᠮᠢᠨ B12᠂ ᠲᠡᠮᠦᠷ ᠪᠠ ᠪᠣᠰᠣᠳ ᠪᠢᠴᠢᠯ ᠡᠯᠧᠮᠧᠨ᠋ᠲ ᠨᠢ ᠤᠯᠠᠭᠠᠨ ᠡᠰ ᠤᠨ ᠪᠦᠷᠢᠯᠳᠦᠯ ᠢ ᠠᠬᠢᠭᠤᠯᠵᠤ᠂ ᠴᠢᠰᠦᠨ ᠤ ᠤᠯᠠᠭᠠᠨ ᠡᠳ᠋ ᠤᠨ ᠪᠦᠷᠢᠯᠳᠦᠯ ᠢ ᠲᠦᠷᠭᠡᠳᠭᠡᠳᠡᠭ᠃ ᠴᠡᠭᠡ ᠨᠢ ᠪᠠᠰᠠ ᠠᠭᠤᠰᠬᠢᠨ ᠰᠦᠷᠢᠶ᠎ᠡ ᠵᠡᠷᠭᠡ ᠠᠴᠠ ᠪᠣᠯᠣᠭᠰᠠᠨ ᠴᠢᠰᠦ ᠳᠤᠲᠠᠭᠳᠠᠬᠤ ᠡᠮᠬᠡᠭ ᠲᠤ ᠨᠡᠯᠢᠶᠡᠳ ᠰᠠᠶᠢᠨ ᠵᠠᠰᠠᠯᠭ᠎ᠠ ᠶᠢᠨ ᠦᠢᠯᠡᠳᠦᠯ ᠲᠠᠢ᠃         2. ᠮᠡᠳᠡᠷᠡᠯ ᠤᠨ ᠴᠢᠨᠠᠷᠲᠠᠢ ᠡᠪᠡᠳᠴᠢᠨ ᠢ ᠡᠮᠨᠡᠬᠦ ᠦᠢᠯᠡᠳᠦᠯ ᠲᠠᠢ᠃ ᠴᠡᠭᠡ ᠳᠤ ᠸᠢᠲ᠋ᠠᠮᠢᠨ B1᠂ ᠸᠢᠲ᠋ᠠᠮᠢᠨ B12 ᠪᠠ ᠸᠢᠲ᠋ᠠᠮᠢᠨ C ᠵᠢᠴᠢ ᠮᠡᠳᠡᠷᠡᠯ ᠤᠨ ᠰᠢᠰᠲ᠋ᠧᠮ ᠤᠨ ᠪᠤᠳᠠᠰ ᠤᠨ ᠰᠤᠯᠢᠯᠴᠠᠭ᠎ᠠ ᠳᠤ ᠬᠡᠷᠡᠭᠰᠡᠬᠦ ᠪᠢᠴᠢᠯ ᠡᠯᠧᠮᠧᠨ᠋ᠲ ᠡᠯᠪᠡᠭ ᠪᠠᠶᠠᠯᠢᠭ ᠪᠠᠶᠢᠳᠠᠭ ᠲᠤᠯᠠ ᠮᠡᠳᠡᠷᠡᠯ ᠤᠨ ᠰᠢᠰᠲ᠋ᠧᠮ ᠤᠨ ᠴᠢᠳᠠᠪᠬᠢ ᠶᠢ ᠵᠣᠬᠢᠴᠠᠭᠤᠯᠬᠤ᠂  ᠲᠠᠷᠢᠬᠢᠨ ᠤ ᠬᠡᠰᠡᠭ ᠤᠨ ᠴᠢᠰᠦᠨ ᠤ ᠡᠷᠭᠢᠯᠲᠡ ᠶᠢ ᠰᠠᠶᠢᠵᠢᠷᠠᠭᠤᠯᠬᠤ᠂ ᠶᠡᠭᠡ ᠲᠠᠷᠢᠬᠢᠨ ᠤ ᠴᠢᠰᠦᠨ ᠤ ᠬᠠᠩᠭᠠᠯᠭ᠎ᠠ ᠶᠢᠨ ᠴᠢᠳᠠᠪᠬᠢ ᠶᠢ ᠰᠠᠶᠢᠵᠢᠷᠠᠭᠤᠯᠬᠤ᠂ ᠮᠡᠳᠡᠷᠡᠯ ᠤᠨ ᠰᠢᠰᠲ᠋ᠧᠮ ᠤᠨ ᠴᠢᠳᠠᠪᠬᠢ ᠶᠢᠨ ᠰᠠᠮᠠᠭᠤᠷᠠᠭᠰᠠᠨ ᠠᠴᠠ ᠪᠣᠯᠣᠭᠰᠠᠨ ᠲᠣᠯᠣᠭᠠᠢ ᠡᠪᠡᠳᠬᠦ᠂ ᠬᠤᠳᠤᠭᠤᠳᠤ ᠬᠡᠳᠡᠰᠦᠨ ᠤ ᠴᠢᠳᠠᠪᠬᠢ ᠮᠠᠭᠤᠲᠠᠭᠰᠠᠨ ᠵᠡᠷᠭᠡ ᠡᠪᠡᠳᠴᠢᠨ ᠤ ᠡᠮᠴᠢᠯᠡᠭᠡᠨ ᠳᠤ ᠲᠤᠰᠠᠯᠠᠬᠤ ᠦᠢᠯᠡᠳᠦᠯ ᠲᠠᠢ᠃       3. ᠰᠢᠩᠭᠡᠭᠡᠯᠲᠠ ᠶᠢᠨ ᠰᠢᠰᠲ᠋ᠧᠮ ᠤᠨ ᠡᠪᠡᠳᠴᠢᠨ ᠢ ᠡᠮᠨᠡᠬᠦ ᠦᠢᠯᠡᠳᠦᠯ ᠲᠠᠢ᠃ ᠴᠡᠭᠡ ᠨᠢ ᠤᠳᠠᠭᠠᠨ ᠴᠢᠨᠠᠷᠲᠠᠢ ᠬᠤᠳᠤᠭᠤᠳᠤᠨ ᠦᠷᠪᠢᠰᠦᠯ ᠂ ᠢᠯᠡᠩᠭᠤᠶ᠎ᠠ ᠠᠪᠴᠢᠬᠤ ᠴᠢᠨᠠᠷᠲᠠᠢ ᠬᠤᠳᠤᠭᠤᠳᠤᠨ ᠦᠷᠪᠢᠰᠦᠯ ᠳᠤ ᠮᠠᠰᠢ ᠰᠠᠶᠢᠨ ᠡᠮᠨᠡᠬᠦ ᠦᠢᠯᠡᠳᠦᠯ ᠲᠠᠢ ᠪᠠᠶᠢᠳᠠᠭ᠃ ᠴᠡᠭᠡ ᠳᠤ ᠠᠭᠤᠯᠤᠭᠳᠠᠳᠠᠭ ᠶᠡᠭᠡ ᠬᠡᠮᠵᠢᠶᠠᠨ ᠤ ᠢᠰᠭᠡᠭᠦᠷ ᠤᠨ ᠬᠦᠬᠡᠴᠦ᠂ ᠸᠢᠲ᠋ᠠᠮᠢᠨ B ᠤᠨ ᠲᠦᠷᠦᠯ ᠪᠠ ᠸᠢᠲ᠋ᠠᠮᠢᠨ C ᠨᠢ ᠬᠤᠳᠤᠭᠤᠳᠤ ᠭᠡᠳᠡᠰᠦᠨ ᠤ ᠴᠢᠳᠠᠪᠬᠢ ᠶᠢ ᠵᠤᠬᠢᠴᠠᠭᠤᠯᠵᠤ ᠰᠢᠩᠭᠡᠭᠡᠯᠲᠡ ᠶᠢ ᠰᠠᠶᠢᠵᠢᠷᠠᠭᠤᠯᠤᠨ᠂ ᠢᠳᠡᠭᠡᠨ ᠤ ᠳᠤᠷᠠᠰᠢᠯ ᠢ ᠨᠡᠮᠡᠭᠳᠡᠭᠦᠯᠳᠡᠭ᠃       4. ᠠᠭᠤᠰᠬᠢᠨ ᠰᠦᠷᠢᠶ᠎ᠡ ᠪᠠ ᠠᠭᠤᠰᠬᠢᠨ ᠤ ᠬᠡᠢ ᠬᠠᠪᠤᠩ᠂ ᠰᠢᠬᠢᠷ ᠰᠢᠵᠢᠩ ᠡᠪᠡᠳᠴᠢᠨ ᠢ ᠡᠮᠨᠡᠬᠦ ᠦᠢᠯᠡᠳᠦᠯ ᠲᠠᠢ᠃ ᠮᠣᠩᠭᠤᠯ ᠡᠮᠴᠢ ᠨᠠᠷ ᠠᠯᠢ ᠡᠷᠲᠡ ᠦᠶ᠎ᠡ ᠳᠤ ᠳᠠᠷᠤᠢ ᠴᠡᠭᠡ ᠪᠠᠷ ᠠᠭᠤᠰᠬᠢᠨ ᠰᠦᠷᠢᠶ᠎ᠡ ᠡᠪᠡᠳᠴᠢᠨ ᠢ ᠡᠮᠨᠡᠵᠦ ᠪᠠᠶᠢᠭᠰᠠᠨ ᠪᠦᠭᠡᠳ ᠭᠠᠳᠠᠭᠠᠳᠤ ᠶᠢᠨ ᠤᠯᠠᠨ ᠣᠯᠣᠰ ᠤᠨ ᠬᠢᠨ ᠴᠤ ᠴᠡᠭᠡ ᠪᠠᠷ ᠠᠭᠤᠰᠬᠢᠨ ᠰᠦᠷᠢᠶ᠎ᠡ ᠶᠢ ᠡᠮᠨᠡᠭᠡᠳ ᠨᠡᠯᠢᠶᠡᠳ ᠰᠠᠶᠢᠨ ᠦᠢᠯᠡᠳᠦᠯ ᠭᠠᠷᠴᠤ ᠪᠠᠶᠢᠵᠠᠢ᠃ ᠤᠴᠢᠷ ᠨᠢ ᠴᠡᠭᠡ ᠨᠢ ᠰᠦᠷᠢᠶ᠎ᠡ ᠡᠪᠡᠳᠴᠢᠨ ᠡᠭᠦᠰᠭᠡᠭᠴᠢ ᠶᠢ ᠤᠰᠠᠳᠬᠠᠵᠤ ᠳᠡᠶᠢᠯᠳᠡᠭ᠃ ᠠᠭᠤᠰᠬᠢᠨ ᠤ ᠬᠡᠢ ᠬᠠᠪᠤᠩ ᠲᠠᠢ ᠬᠦᠮᠦᠨ ᠳᠤ ᠴᠡᠭᠡ ᠤᠤᠭᠤᠯᠭᠠᠪᠠᠯ ᠳᠤᠤᠷ᠎ᠠ ᠪᠠᠨ ᠴᠡᠭᠡᠵᠢ ᠨᠢ ᠠᠭᠤᠵᠢᠷᠠᠨ᠂ ᠢᠳᠡᠰᠢᠨ ᠤ ᠳᠤᠷᠠᠰᠢᠯ ᠨᠢ ᠳᠡᠭᠡᠭᠰᠢᠯᠡᠳᠡᠭ᠃ ᠴᠡᠭᠡ ᠤᠤᠭᠤᠪᠠᠯ ᠨᠦᠢᠷ ᠤᠨ ᠠᠷᠠᠯ ᠤᠨ ᠡᠳ᠋ ᠢ ᠱᠦᠭᠦᠷᠡᠭᠦᠯᠬᠦ ᠴᠢᠳᠠᠪᠬᠢ ᠶᠢ ᠰᠠᠶᠢᠵᠢᠷᠠᠭᠤᠯᠤᠨ᠂ ᠰᠢᠬᠢᠷ ᠤᠨ ᠲᠦᠷᠦᠯ ᠢ ᠵᠠᠳᠠᠷᠠᠭᠤᠯᠬᠤ ᠪᠠᠷ ᠳᠠᠮᠵᠢᠭᠤᠯᠤᠨ ᠰᠢᠬᠢᠷ ᠰᠢᠵᠢᠩ ᠡᠪᠡᠳᠴᠢᠨ ᠢ ᠡᠮᠨᠡᠬᠦ ᠦᠢᠯᠡᠳᠦᠯ ᠦᠵᠡᠭᠦᠯᠳᠡᠭ᠃ ᠡᠭᠦᠨ ᠠᠴᠠ ᠭᠠᠳᠠᠨ᠎ᠠ ᠴᠡᠭᠡ ᠨᠢ ᠮᠦᠬᠡᠷᠡᠰᠦᠨ ᠬᠤᠭᠤᠯᠠᠢ ᠶᠢᠨ ᠦᠷᠪᠢᠰᠦᠯ᠂ ᠴᠡᠭᠡᠵᠢᠨ ᠪᠦᠷᠬᠦᠪᠴᠢ ᠶᠢᠨ ᠦᠷᠪᠢᠰᠦᠯ᠂ ᠰᠢᠷ᠎ᠠ ᠲᠤᠯᠪᠤ ᠪᠠ ᠬᠠᠷ᠎ᠠ ᠪᠦᠭᠡᠷ᠎ᠡ ᠶᠢᠨ ᠴᠢᠯᠠᠭᠤᠵᠢᠯ ᠳᠤ ᠴᠤ ᠵᠤᠬᠢᠬᠤ ᠡᠮᠴᠢᠯᠡᠭᠡᠨ ᠤ ᠦᠢᠯᠡᠳᠦᠯ ᠲᠠᠢ ᠪᠠᠶᠢᠳᠠᠭ᠃       ᠴᠡᠭᠡ ᠤᠤᠭᠤᠬᠤ ᠳᠠᠭᠠᠨ ᠠᠩᠬᠠᠷᠬᠤ ᠵᠦᠢᠯ᠄      ︵1︶ ᠴᠡᠭᠡ ᠶᠢ ᠦᠯᠦᠨ ᠢᠶᠠᠷ ᠤᠤᠭᠤᠬᠤ ᠨᠢ ᠪᠤᠷᠤᠭᠤ᠃ ᠬᠤᠭᠤᠯᠠᠨ ᠤ ᠳᠠᠷᠠᠭ᠎ᠠ᠂ ᠬᠤᠶᠠᠷ ᠴᠠᠭ ᠤᠨ ᠳᠠᠷᠠᠭ᠎ᠠ ᠤᠤᠭᠤᠪᠠᠯ ᠬᠠᠮᠤᠭ ᠰᠠᠶᠢᠨ ᠪᠠᠶᠢᠳᠠᠭ᠃ ᠬᠤᠭᠤᠰᠤᠨ ᠦᠯᠦᠰᠬᠦᠯᠡᠩ ᠦᠶ᠎ᠡ ᠳᠤ ᠬᠤᠳᠤᠭᠤᠳᠤᠨ ᠤ PH ᠨᠢ 1- 3 ᠪᠠᠶᠢᠳᠠᠭ᠃ PH ᠨᠢ 2 ᠠᠴᠠ ᠪᠠᠭ᠎ᠠ ᠦᠶ᠎ᠡ ᠳᠤ ᠬᠤᠳᠤᠭᠤᠳᠤᠨ ᠤ ᠰᠢᠩᠭᠡᠨ ᠨᠢ ᠬᠦᠴᠢᠯᠯᠢᠭ ᠴᠢᠨᠠᠷ  ᠨᠢ ᠦᠨᠳᠦᠷ ᠠᠴᠠ ᠴᠡᠭᠡ ᠢᠳᠡᠪᠬᠢᠲᠦ ᠴᠢᠨᠠᠷ ᠢ ᠳᠤᠷᠤᠭᠰᠢᠯᠠᠭᠤᠯᠵᠤ᠂ ᠰᠦᠨ ᠬᠦᠴᠢᠯ ᠤᠨ ᠪᠠᠺᠲ᠋ᠧᠷᠢ ᠶᠢᠨ ᠪᠤᠶᠢᠵᠢᠬᠤ ᠶᠢ ᠬᠤᠷᠢᠭᠯᠠᠵᠤ᠂ ᠦᠢᠯᠡᠳᠦᠯ ᠢ ᠨᠢ ᠪᠠᠭᠤᠷᠠᠭᠤᠯᠤᠨ᠎ᠠ᠃      ︵2︶ ᠦᠭᠡᠷ᠎ᠡ ᠶᠠᠭᠤᠮ᠎ᠠ ᠢᠳᠡᠬᠦ ᠦᠭᠡᠢ᠂ ᠲᠠᠩ ᠭᠠᠭᠴᠠ ᠴᠡᠭᠡ ᠪᠠᠷ ᠬᠤᠭᠤᠯᠠ ᠪᠣᠯᠭᠠᠪᠠᠯ ᠲᠠᠭᠠᠷᠠᠬᠤ ᠦᠭᠡᠢ᠃ ᠴᠡᠭᠡ ᠬᠡᠳᠦ᠋ᠢᠪᠡᠷ ᠤᠯᠠᠨ ᠰᠠᠶᠢᠨ ᠲᠠᠯ᠎ᠠ ᠲᠠᠢ ᠪᠣᠯᠪᠠᠴᠤ ᠲᠡᠭᠦᠨ ᠤ ᠤᠭᠤᠷᠠᠭ᠂ ᠦᠭᠡᠬᠦ᠂ ᠡᠯ᠎ᠡ ᠲᠦᠷᠦᠯ ᠤᠨ ᠰᠢᠮ᠎ᠡ ᠲᠡᠵᠢᠭᠡᠯᠲᠦ ᠪᠤᠳᠠᠰ ᠤᠨ ᠬᠡᠮᠵᠢᠶ᠎ᠡ ᠨᠢ ᠨᠢᠭᠡ ᠬᠦᠮᠦᠨ ᠤ ᠪᠦᠬᠦᠯᠢ  ᠡᠳᠦᠷ ᠤᠨ ᠬᠡᠷᠡᠭᠴᠡᠭᠡ ᠠᠴᠠ ᠬᠤᠯᠠ ᠳᠤᠲᠠᠭᠤ ᠶᠣᠮ᠃ ᠡᠶᠢᠮᠦ ᠠᠴᠠ ᠲᠠᠩ ᠭᠠᠭᠴᠠ ᠴᠡᠭᠡ ᠣᠣᠭᠤᠵᠣ ᠦᠭᠡᠷ᠎ᠡ ᠶᠠᠭᠤᠮ᠎ᠠ ᠢᠳᠡᠬᠦ ᠦᠭᠡᠢ ᠪᠣᠯ ᠤᠳᠠᠭᠠᠨ ᠳᠠᠭᠠᠨ ᠰᠢᠮ᠎ᠡ ᠲᠡᠵᠢᠭᠡᠯ ᠳᠤᠲᠠᠭᠳᠠᠬᠤ ᠪᠣᠯᠣᠨ᠎ᠠ᠃ ᠰᠢᠩᠭᠡᠨ ᠢᠳᠡᠭᠡᠨ ᠬᠤᠳᠤᠭᠤᠳᠤᠨ ᠳᠤ ᠲᠤᠭᠲᠠᠬᠤ ᠴᠠᠭ ᠨᠢ ᠪᠠᠰᠠ ᠤᠬᠤᠷ ᠪᠣᠯᠬᠤᠷ ᠦᠷᠭᠦᠯᠵᠢ ᠦᠯᠦᠰᠦᠭᠰᠡᠨ ᠪᠠᠶᠢᠳᠠᠯ ᠭᠠᠷᠤᠨ᠎ᠠ᠃ ᠤᠤᠭᠤᠬᠤ ᠲᠤᠭ᠎ᠠ ᠨᠢ ᠠᠷᠪᠢᠨ᠂ ᠬᠡᠮᠵᠢᠶ᠎ᠡ ᠨᠢ ᠶᠡᠭᠡ ᠪᠣᠯ ᠬᠤᠳᠤᠭᠤᠳᠤᠨ ᠤ ᠠᠵᠢᠯᠯᠠᠭ᠎ᠠ ᠶᠢ ᠨᠡᠮᠡᠭᠳᠡᠭᠦᠯᠵᠦ ᠳᠠᠷᠤᠭᠠᠰᠤ ᠲᠠᠢ ᠪᠣᠯᠭᠠᠨ᠎ᠠ᠃       ︵3︶ ᠠᠷᠢᠬᠢ ᠤᠤᠭᠤᠬᠤ ᠦᠶ᠎ᠡ ᠳᠤ ᠰᠦ᠂ ᠴᠠᠭ᠎ᠠ᠂ ᠴᠡᠭᠡ ᠵᠡᠷᠭᠡ ᠶᠢ ᠪᠠᠭ᠎ᠠ ᠤᠤᠭᠤᠪᠠᠯ ᠬᠤᠳᠤᠭᠤᠳᠤᠨ ᠤ ᠦᠩᠭᠦᠷ ᠢ ᠬᠠᠮᠠᠭᠠᠯᠠᠵᠤ᠂ ᠰᠫᠡᠷᠲ ᠤᠨ ᠰᠡᠲᠦᠯᠲᠡ ᠶᠢ ᠪᠠᠭᠠᠰᠬᠠᠵᠤ᠂ ᠬᠤᠳᠤᠭᠤᠳᠤ ᠶᠢ ᠬᠠᠮᠠᠭᠠᠯᠠᠬᠤ ᠪᠠ ᠠᠷᠢᠬᠢ ᠶᠢ ᠲᠠᠶᠢᠯᠵᠦ᠂ ᠠᠷᠢᠬᠢᠨ ᠳᠤ ᠲᠦᠷᠭᠡᠨ ᠰᠤᠭᠲᠤᠬᠤ ᠠᠴᠠ ᠰᠡᠷᠭᠡᠶᠢᠯᠡᠵᠦ ᠴᠢᠳᠠᠨ᠎ᠠ᠃ ᠭᠡᠪᠡᠴᠦ ᠬᠡᠮᠵᠢᠶ᠎ᠡ ᠶᠡᠭᠡ ᠪᠠᠷ ᠤᠤᠭᠤᠪᠠᠯ ᠮᠦᠨ ᠯᠡ ᠲᠠᠭᠠᠷᠠᠬᠤ ᠦᠭᠡᠢ᠃ ᠬᠤᠳᠤᠭᠤᠳᠤ ᠭᠡᠳᠡᠰᠦᠨ ᠤ ᠡᠭᠦᠷᠭᠡ ᠳᠠᠷᠤᠭᠠᠰᠤ ᠬᠦᠨᠳᠦᠷᠡᠵᠦ᠂ ᠠᠵᠢᠯᠯᠠᠭ᠎ᠠ ᠶᠢ ᠨᠢ ᠨᠦᠯᠦᠭᠡᠯᠡᠵᠦ᠂ ᠬᠤᠳᠤᠭᠤᠳᠤ ᠭᠡᠳᠡᠰᠦ ᠮᠠᠭᠤᠲᠠᠨ᠎ᠠ᠃       ︵4︶ ᠴᠡᠭᠡ ᠶᠢ ᠡᠳᠦᠷ ᠲᠤ ᠨᠢᠭᠡ ᠵᠢᠩ ᠬᠠᠭᠠᠰ ᠠᠴᠠ ᠬᠤᠶᠠᠷ ᠵᠢᠩ ᠤᠨ ᠲᠦᠯᠦᠪ ᠲᠠᠢ᠂ ᠪᠠᠭ᠎ᠠ ᠪᠠᠭ᠎ᠠ ᠪᠠᠷ ᠤᠤᠭᠤᠪᠠᠯ ᠴᠡᠭᠡ ᠶᠢᠨ ᠦᠢᠯᠡᠳᠦᠯ ᠢ ᠪᠠᠳᠠᠷᠠᠭᠤᠯᠵᠤ ᠴᠢᠳᠠᠨ᠎ᠠ᠃ ᠬᠡᠮᠵᠢᠶ᠎ᠡ ᠳᠤᠮᠵᠢᠶ᠎ᠠ ᠦᠭᠡᠢ ᠠᠷᠪᠢᠨ ᠤᠤᠭᠤᠪᠠᠯ ᠬᠤᠳᠤᠭᠤᠳᠤᠨ ᠤ ᠳᠤᠲᠤᠷᠠᠬᠢ ᠡᠯ᠎ᠡ ᠲᠦᠷᠦᠯ ᠤᠨ ᠢᠰᠭᠡᠭᠦᠷ ᠪᠠ ᠠᠰᠢᠭᠲᠤ ᠪᠠᠺᠲ᠋ᠧᠷᠢ᠂ ᠨᠡᠩ ᠢᠯᠠᠩᠭᠤᠶ᠎ᠠ ᠰᠦᠨ ᠬᠦᠴᠢᠯ ᠤᠨ ᠪᠠᠺᠲ᠋ᠧᠷᠢ ᠶᠢᠨ ᠲᠡᠩᠴᠡᠭᠦᠷᠢ ᠶᠢ ᠠᠯᠳᠠᠭᠤᠯᠤᠨ᠎ᠠ᠃ ᠢᠩᠭᠢᠪᠡᠯ ᠬᠤᠳᠤᠭᠤᠳᠤ ᠮᠠᠭᠤᠲᠠᠵᠤ ᠪᠦᠬᠦ ᠪᠡᠶ᠎ᠡ ᠶᠢᠨ ᠦᠯᠦ ᠬᠠᠯᠳᠠᠪᠤᠷᠢᠯᠠᠬᠤ ᠴᠢᠳᠠᠪᠤᠷᠢ ᠶᠢ ᠳᠤᠷᠤᠭᠰᠢᠯᠠᠭᠤᠯᠤᠨ᠎ᠠ᠃       ︵5︶ ᠬᠤᠳᠤᠭᠤᠳᠤᠨ ᠤ ᠰᠢᠷᠬᠠᠯᠠᠭ᠎ᠠ ᠶᠡᠭᠡ ᠦᠶ᠎ᠡ ᠳᠤ ᠭᠡᠭᠦᠦ ᠶᠢᠨ ᠰᠢᠨ᠎ᠡ ᠰᠦ ᠶᠢ ᠵᠤᠬᠢᠬᠤ ᠬᠡᠮᠵᠢᠶ᠎ᠡ ᠪᠠᠷ ᠤᠤᠭᠤᠪᠠᠯ ᠵᠤᠬᠢᠷᠠᠨ᠎ᠠ᠃ ᠬᠡᠲᠦᠷᠬᠡᠢ ᠢᠰᠦᠭᠰᠡᠨ ᠴᠡᠭᠡ ᠤᠤᠭᠤᠪᠠᠯ ᠬᠤᠳᠤᠭᠤᠳᠤᠨ ᠤ ᠬᠦᠴᠢᠯᠯᠢᠭ ᠴᠢᠨᠠᠷ ᠲᠠᠢ ᠳᠠᠪᠬᠤᠴᠠᠵᠤ᠂ ᠬᠤᠳᠤᠭᠤᠳᠤ ᠶᠢ ᠡᠪᠡᠳᠦᠭᠦᠯᠦᠨ᠎ᠡ᠃ ᠰᠢᠷᠬᠠᠯᠠᠭ᠎ᠠ ᠶᠢ ᠡᠳᠡᠭᠡᠬᠦ ᠳᠤ ᠲᠤᠰᠠ ᠦᠭᠡᠢ᠃ ᠬᠤᠳᠣᠭᠤᠳᠣᠨ ᠤ ᠰᠢᠷᠬᠠᠯᠠᠭ᠎ᠠ ᠡᠳᠡᠭᠡᠷᠡᠭᠰᠡᠨ ᠤ  ᠳᠠᠷᠠᠭ᠎ᠠ ᠰᠤᠪᠢᠯᠠᠯᠲᠠ ᠶᠢᠨ ᠦᠶ᠎ᠡ ᠳᠤ ᠬᠤᠭᠤᠯᠠᠨ ᠤ ᠳᠠᠷᠠᠭ᠎ᠠ ᠲᠤᠬᠢᠷᠠᠮᠵᠢᠲᠠᠢ ᠬᠡᠮᠵᠢᠶ᠎ᠡ ᠪᠠᠷ ᠴᠡᠭᠡ ᠤᠤᠭᠤᠵᠤ᠂ ᠪᠡᠶ᠎ᠡ ᠪᠠᠨ ᠴᠢᠩᠭᠠᠷᠠᠭᠤᠯᠵᠤ ᠪᠤᠯᠤᠨ᠎ᠠ᠃      ︵6︶ ᠰᠢᠬᠢᠷ ᠰᠢᠵᠢᠩ ᠡᠪᠡᠳᠴᠢᠨ ᠲᠠᠢ ᠲᠠᠷᠭᠤᠨ ᠬᠦᠮᠦᠰ ᠴᠡᠭᠡ ᠪᠠᠷ ᠤᠮᠳᠠᠭᠠᠨ ᠪᠣᠯᠭᠠᠨ ᠪᠡᠶ᠎ᠡ ᠰᠤᠪᠢᠯᠠᠵᠤ ᠪᠤᠯᠤᠨ᠎ᠠ᠃ ᠤᠴᠢᠷ ᠨᠢ ᠴᠡᠭᠡ ᠶᠢᠨ ᠰᠢᠬᠢᠷ ᠪᠠ ᠦᠭᠡᠬᠦ ᠨᠢ ᠪᠠᠭ᠎ᠠ ᠪᠠᠶᠢᠳᠠᠭ᠃  ᠭᠡᠪᠡᠴᠦ ᠤᠰᠤᠨ ᠤ ᠤᠷᠤᠨ ᠳᠤ ᠤᠮᠳᠠ ᠳᠠᠷᠤᠨ ᠡᠳᠦᠷᠵᠢᠨ ᠣᠣᠭᠤᠵᠣ ᠪᠣᠯᠬᠤ ᠦᠭᠡᠢ᠃ ᠶᠡᠭᠡ ᠬᠡᠮᠵᠢᠶ᠎ᠡ ᠪᠠᠷ ᠤᠤᠭᠤᠪᠠᠯ ᠣᠯᠠᠮ ᠬᠤᠳᠤᠭᠤᠳᠤ ᠭᠡᠳᠡᠰᠦ ᠶᠢ ᠴᠢᠨᠦᠷᠡᠭᠦᠯᠵᠦ᠂ ᠨᠦᠢᠷ ᠤᠨ ᠪᠤᠯᠴᠢᠷᠬᠠᠢ ᠶᠢ ᠳᠠᠷᠤᠵᠤ᠂ ᠰᠢᠩᠭᠡᠭᠡᠯᠲᠡ ᠶᠢᠨ ᠰᠢᠰᠲ᠋ᠧᠮ ᠤᠨ ᠠᠵᠢᠯᠯᠠᠭ᠎ᠠ ᠶᠢ ᠨᠦᠯᠦᠭᠡᠯᠡᠨ᠎ᠡ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ