ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤ  ᠶᠢᠨ ᠲᠣᠯᠣᠨᠣ ᠬᠦᠭᠵᠢᠯᠲᠡ ᠶᠢᠨ ᠵᠠᠮ ᠢ ᠦᠷᠭᠡᠳᠭᠡᠪᠡ
ᠨᠡᠶᠢᠲᠡᠯᠡᠭᠰᠡᠨ ᠴᠠᠭ᠄
2021/11/25
     ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠠᠵᠢᠯᠯᠠᠭ᠎ᠠ  ᠶᠢ ᠭᠦᠨᠵᠡᠭᠡᠶ ᠦᠷᠨᠢᠭᠦᠯᠦᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠤᠨ ᠦᠢᠯᠡᠳᠦᠯᠭᠡ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂  ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤ ︽4421︾ ᠠᠷᠠᠳ ᠢ ᠪᠠᠶᠠᠵᠢᠭᠤᠯᠬᠤ ᠠᠵᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠲᠣᠬᠢᠶᠠᠯ ᠪᠣᠯᠭᠠᠨ᠂ ᠲᠣᠯᠣᠨᠣ  ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠵᠦ ᠪᠠᠶᠢᠨ᠎ᠠ᠃ ᠣᠶᠢᠷ᠎ᠠ ᠳᠤ᠂ ᠮᠢᠩᠭᠠᠨ ᠪᠠᠯᠭᠠᠰᠤᠨ ᠤ 2000 ᠮᠥ ᠳᠣᠯᠣᠨᠣ ᠪᠣᠯᠪᠠᠰᠣᠷᠠᠯ ᠤᠨ ᠬᠤᠭᠤᠴᠠᠭ᠎ᠠ ᠪᠠᠨ ᠣᠭᠲᠣᠵᠣ᠂ ᠣᠶᠢᠷ᠎ᠠ ᠬᠠᠪᠢ ᠶᠢᠨ ᠰᠠᠭᠤᠭᠠᠯᠢ ᠠᠷᠠᠳ᠂ ᠰᠣᠷᠣᠭᠴᠢ᠂ ᠬᠤᠪᠢ ᠶᠢᠨ ᠠᠵᠤ ᠠᠬᠤᠶᠢᠯᠯᠠᠲᠠᠳ ᠳᠣᠯᠣᠨᠣ ᠲᠡᠭᠦᠴᠡᠭᠡᠵᠦ᠂ ᠡᠯᠪᠡᠭ ᠬᠤᠷᠢᠶᠠᠯᠲᠠ ᠶᠢᠨ ᠪᠠᠶᠠᠷ ᠢᠶᠠᠨ ᠬᠤᠪᠢᠶᠠᠯᠴᠠᠭᠰᠠᠨ ᠪᠠᠶᠢᠨ᠎ᠠ᠃
山楂1.jpg
    ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤ ᠨᠢ ᠠᠭᠤᠯᠠᠷᠬᠠᠭ ᠭᠠᠩ ᠬᠠᠭᠤᠷᠠᠢ ᠣᠷᠣᠨ ᠳᠤ ᠪᠠᠶᠢᠷᠢᠯᠠᠵᠤ᠂ ᠠᠵᠤ ᠦᠢᠯᠡᠰ ᠤᠨ ᠪᠦᠲᠦᠴᠡ ᠳᠠᠩ ᠴᠤᠯᠭᠤᠢ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢᠪᠴᠤᠤ  ᠪᠠᠶᠢᠵᠠᠢ᠃ 2017 ᠣᠨ ᠠᠴᠠ ᠨᠠᠰᠢ᠂ ᠮᠢᠩᠭᠠᠨ ᠪᠠᠯᠭᠠᠰᠤ ︽ᠠᠵᠤ ᠦᠢᠯᠡᠰ  ᠢᠶᠠᠷ ᠬᠥᠭᠵᠢᠭᠦᠯᠦᠨ ᠮᠠᠨᠳᠤᠭᠤᠯᠬᠤ︾ ᠪᠠᠷ ᠭᠤᠤᠯ ᠠᠷᠭ᠎ᠠ ᠪᠠᠨ ᠪᠣᠯᠭᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠣᠨ᠂ ᠲᠣᠰᠬᠤᠨ ᠤ ᠠᠷᠠᠳ ᠤᠨ ᠰᠤᠯᠠ ᠬᠠᠶᠠᠭᠳᠠᠵᠤ ᠪᠠᠶᠢᠭ᠎ᠠ ᠬᠠᠭᠤᠷᠠᠶ ᠭᠠᠵᠠᠷ ᠲᠤ ᠲᠣᠯᠣᠨᠣ ᠲᠠᠷᠢᠬᠤ ᠠᠵᠤ ᠦᠢᠯᠡᠰ ᠢ ᠶᠡᠬᠡᠪᠡᠷ ᠬᠥᠭᠵᠢᠭᠦᠯᠪᠡ᠃ ᠬᠡᠳᠦᠨ ᠵᠢᠯ ᠤᠨ ᠬᠥᠭᠵᠢᠯᠲᠡ ᠪᠠᠷ ᠳᠠᠮᠵᠢᠨ᠂  ᠮᠢᠩᠭᠠᠨ ᠪᠠᠯᠭᠠᠰᠤᠨ ᠤ ᠳᠣᠯᠣᠨᠣ ᠲᠠᠷᠢᠬᠤ ᠶᠡᠷᠦᠩᠬᠡᠶ ᠲᠠᠯᠠᠪᠠᠢ 2000 ᠭᠠᠷᠤᠶ ᠮᠦ ᠳᠤ ᠬᠦᠷᠴᠦ᠂ ᠳᠣᠯᠣᠨᠣ ᠲᠠᠷᠢᠬᠤ ᠬᠡᠪᠴᠢᠶ᠎ᠡ ᠴᠣ᠋  ᠶᠡᠬᠡᠪᠡᠷ ᠦᠷᠭᠡᠳᠴᠣ ᠡᠬᠢᠯᠡᠪᠡ᠃    ᠳᠣᠯᠣᠨᠣ ᠶᠢᠨ ᠨᠡᠮᠡᠯᠲᠡ ᠥᠷᠲᠡᠭ ᠢ ᠤᠯᠠᠮ ᠨᠢᠭᠡ ᠠᠯᠬᠤᠮ ᠨᠡᠮᠡᠭᠳᠡᠭᠦᠯᠬᠦ ᠶᠢᠨ ᠲᠥᠯᠥᠭᠡ᠂ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤ  ᠳᠣᠯᠣᠨᠣ ᠶᠢᠨ ᠬᠠᠲᠠᠭᠠᠮᠠᠯ ᠵᠢᠮᠢᠰ ᠪᠣᠯᠪᠠᠰᠤᠷᠠᠭᠤᠯᠬᠤ ᠠᠵᠤ ᠦᠢᠯᠡᠰ ᠪᠠ ᠳᠣᠯᠣᠨᠣ ᠶᠢᠨ ᠣᠶ ᠶᠢᠨ ᠠᠵᠤ ᠠᠬᠤᠶ ᠶᠢ ᠶᠡᠬᠡᠪᠡᠷ ᠳᠥᠯᠭᠢᠨ ᠠᠬᠢᠭᠤᠯᠵᠤ᠂ ᠳᠣᠯᠣᠨᠣ ᠶᠢᠨ ᠬᠡᠷᠴᠢᠮᠡᠯ ᠢ ᠬᠠᠭᠰᠠᠭᠠᠵᠤ ᠬᠠᠳᠠᠭᠠᠬᠤ ᠦᠢᠯᠡᠳᠪᠦᠷᠢ ᠶᠢ ᠢᠵᠢ ᠪᠦᠷᠢᠳᠦᠭᠦᠯᠦᠨ‌‍ᠪᠠᠶᠢᠭᠤᠯᠤᠭᠰᠠᠨ ᠪᠦᠬᠡᠳ 900m³ ᠤᠨ ᠬᠦᠢᠳᠡᠨ ᠢᠶᠠᠷ ᠬᠠᠳᠠᠭᠠᠯᠠᠬᠤ ᠲᠥᠬᠦᠭᠡᠷᠦᠮᠵᠢ ᠶᠢ ᠣᠭᠰᠠᠷᠠᠨ ᠬᠡᠷᠡᠭᠯᠡᠪᠡ᠃
山楂2.jpg
    ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠣᠨ ᠤ ᠲᠣᠯᠣᠨᠣ ᠶᠢᠨ ᠬᠦᠷᠢᠶᠡᠯᠡᠩ ᠨᠢ ᠪᠤᠭᠤᠲᠤ ᠶᠢᠨ ᠵᠢᠭᠤᠯᠴᠢᠯᠠᠯ ᠤᠨ ᠺᠣᠮᠫᠠᠨᠢ᠂ ᠰᠠᠭᠠᠳᠠᠭ ᠰᠣᠮᠣᠨ ᠤ ᠬᠠᠰᠠᠷ ᠤᠨ ᠰᠣᠶᠣᠯ ᠤᠨ ᠬᠦᠷᠢᠶᠡᠯᠡᠩ ᠂ ᠪᠠᠭ᠎ᠠ ᠰᠢᠭᠡᠲᠡᠢ ᠪᠠᠯᠭᠠᠰᠣᠨ ᠤ ᠣᠷᠳᠣ ᠴᠠᠭᠠᠨ ᠬᠡᠷᠡᠮ ᠵᠡᠷᠭᠡ ᠵᠠᠮ ᠱᠤᠭᠤᠮ  ᠢ ᠬᠤᠯᠪᠣᠭᠰᠠᠨ ᠵᠢᠭᠤᠯᠴᠢᠯᠠᠯ ᠢ ᠨᠡᠭᠡᠭᠡᠨ ᠬᠥᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ᠂ ᠬᠥᠳᠡᠭᠡ ᠲᠣᠰᠬᠤᠨ ᠤ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠵᠦ᠂ ᠲᠠᠷᠢᠶᠠᠴᠢᠳ ᠢ ᠪᠠᠶᠠᠵᠢᠭᠤᠯᠬᠤ᠂ ᠬᠥᠳᠡᠭᠡ ᠲᠣᠰᠬᠤᠨ ᠢ ᠭᠤᠶᠣᠵᠢᠭᠤᠯᠬᠤ᠂ ᠲᠠᠷᠢᠶᠠᠯᠠᠩ ᠢ ᠬᠦᠴᠦᠷᠬᠡᠭᠵᠢᠭᠦᠯᠬᠦ ᠳᠤ ᠰᠠᠭᠤᠷᠢ ᠲᠠᠯᠪᠢᠭᠰᠠᠨ ᠪᠠᠶᠢᠨ᠎ᠠ᠃
山楂4.jpg
    ᠣᠳᠣ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤᠨ ᠤ ᠳᠣᠯᠣᠨᠣ ᠨᠢᠭᠡᠨᠲᠡ ᠤᠯᠤᠰ ᠤᠨ ᠭᠠᠵᠠᠷ ᠵᠦᠶ ᠶᠢᠨ ᠲᠡᠮᠳᠡᠭ ᠪᠠ ᠣᠷᠭᠠᠨᠢᠭ ᠳᠣᠯᠣᠨᠣ ᠶᠢᠨ ᠭᠡᠷᠡᠴᠢᠯᠡᠯ ᠢ ᠣᠯᠵᠠᠶ᠃ ᠲᠠᠷᠠᠭᠠᠴᠢ ᠶᠢᠨ ᠠᠯᠬᠤᠮ ᠳᠤ᠂ ᠮᠢᠩᠭᠠᠨ ᠪᠠᠯᠭᠠᠰᠤ ᠳᠣᠯᠣᠨᠣ ᠶᠢᠨ ᠠᠵᠤ ᠦᠢᠯᠡᠰ ᠲᠤ ᠪᠠᠨ ᠲᠦᠰᠢᠭᠯᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠠᠬᠢᠭᠤᠯᠵᠤ᠂  ᠪᠣᠳᠠᠲᠠᠶ ᠦᠷ᠎ᠡ ᠠᠰᠢᠭ ᠢᠶᠠᠷ ᠤᠳᠤᠷᠢᠳᠤᠮᠵᠢ ᠪᠣᠯᠭᠠᠨ᠂ ᠳᠣᠯᠣᠨᠣ ᠶᠢᠨ ᠬᠡᠷᠴᠢᠮᠡᠯ ᠤᠨ ᠰᠠᠭᠤᠷᠢᠨ ᠳᠡᠭᠡᠷ᠎ᠡ ᠳᠣᠯᠣᠨᠣ ᠶᠢᠨ ᠤᠮᠳᠠᠭᠠᠨ᠂ ᠯᠠᠰᠠᠲᠤ ᠢᠳᠡᠭᠡᠨ ᠵᠡᠷᠭᠡ ᠦᠢᠯᠡᠳᠪᠦᠷᠢᠯᠡᠯ ᠤᠨ ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠦᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠨᠠᠩ ᠣᠯᠠᠨ ᠲᠠᠷᠢᠶᠠᠴᠢᠳ ᠢ ᠳᠠᠶᠢᠴᠢᠯᠠᠨ ᠲᠠᠷᠢᠮᠠᠯ ᠤᠨ ᠣᠶᠢᠯᠠᠭᠠᠭᠳᠠᠬᠤᠨ ᠢ  ᠨᠢ  ᠬᠤᠪᠢᠷᠠᠭᠤᠯᠣᠨ᠂ ᠠᠵᠤ ᠦᠢᠯᠡᠰ ᠤᠨ ᠪᠦᠲᠦᠴᠡ ᠳᠤ ᠨᠢ ᠲᠣᠬᠢᠷᠠᠭᠤᠯᠤᠯᠲᠠ ᠬᠢᠵᠦ᠂ ᠣᠲᠣ ᠦᠶ᠎ᠡ ᠶᠢᠨ ᠲᠠᠷᠢᠶᠠᠯᠠᠩ ᠢ ᠶᠡᠭᠡ ᠪᠠᠷ ᠬᠥᠭᠵᠢᠭᠦᠯᠬᠦ ᠪᠠᠷ ᠳᠠᠮᠵᠢᠭᠤᠯᠤᠨ᠂ ᠪᠠᠶᠠᠵᠢᠯ ᠤᠨ ᠵᠠᠮ ᠢᠶᠠᠷ ᠵᠠᠮᠨᠠᠬᠤ ᠪᠠᠷ ᠪᠠᠶᠢᠨ᠎ᠠ᠃
山楂3.jpg
     
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ