【ᠲᠡᠦᠬᠡ ᠰᠤᠶᠤᠯ】 ᠤᠷᠠᠳ ᠤᠨ ᠭᠤᠷᠪᠠᠨ ᠬᠤᠰᠢᠭᠤᠨ ᠤ ᠲᠡᠦᠬᠡᠨ ᠤᠯᠠᠷᠢᠯ ᠬᠤᠪᠢᠷᠠᠯ
ᠨᠡᠶᠢᠲᠡᠯᠡᠭᠰᠡᠨ ᠴᠠᠭ᠄
2021/11/26
      ᠤᠷᠠᠳ ᠤᠨ ᠭᠤᠷᠪᠠᠨ ᠬᠤᠰᠢᠭᠤ ᠰᠢᠯᠵᠢᠵᠦ ᠢᠷᠡᠭᠰᠡᠨ ᠤ ᠳᠠᠷᠠᠭ᠎ᠠ᠂ ᠠᠯᠠᠱᠠ ᠦᠬᠡᠯᠦᠨ ᠠᠶᠢᠮᠠᠭ ᠪᠠ  ᠬᠠᠯᠬ᠎ᠠ ᠶᠢᠨ ᠳᠣᠪᠲᠤᠯᠤᠯ ᠠᠴᠠ ᠰᠡᠷᠭᠡᠶᠢᠯᠡᠬᠦ ᠶᠢᠨ ᠲᠦᠯᠦᠭᠡ ᠮᠣᠨᠠ ᠬᠤᠰᠢᠭᠤ᠂ ᠬᠠᠳᠠᠮᠠᠯ᠂ ᠬᠦᠨᠳᠡᠯᠡᠨ ᠤ ᠠᠮᠠ ᠵᠡᠷᠭᠡ ᠭᠤᠷᠪᠠᠨ ᠰᠦᠪᠡᠭᠡ ᠶᠢ ᠰᠠᠬᠢᠨ ᠬᠠᠮᠠᠭᠠᠯᠠᠬᠤ ᠡᠭᠦᠷᠭᠡ ᠲᠠᠢ ᠪᠠᠶᠢᠵᠠᠢ᠃ ᠭᠤᠷᠪᠠᠨ ᠬᠤᠰᠢᠭᠤ ᠬᠠᠷᠢᠶᠠᠲᠦ ᠠᠷᠠᠳ ᠢᠶᠠᠨ ᠬᠤᠪᠢᠶᠠᠭᠰᠠᠨ ᠠᠴᠠ  ᠭᠠᠵᠠᠷ ᠨᠤᠲᠤᠭ ᠢᠶᠠᠨ  ᠲᠣᠳᠤᠷᠬᠠᠢ ᠬᠤᠪᠢᠶᠠᠭᠰᠠᠨ ᠦᠭᠡᠢ᠃ ᠮᠣᠩᠭᠤᠯ ᠦᠨᠳᠦᠰᠦᠲᠡᠨ ᠤ ᠵᠡᠭᠦᠨ᠂ ᠪᠠᠷᠠᠭᠤᠨ ᠭᠠᠷ ᠬᠤᠪᠢᠶᠠᠳᠠᠭ ᠵᠠᠩᠰᠢᠯ ᠢᠶᠠᠷ ᠭᠤᠷᠪᠠᠨ ᠬᠤᠰᠢᠭᠤᠨ ᠤ ᠵᠠᠰᠠᠭ ᠶᠠᠮᠤᠨ ᠤ ᠪᠠᠶᠢᠷᠢᠰᠢᠯ ᠪᠠ ᠰᠠᠬᠢᠨ ᠬᠠᠮᠠᠭᠠᠯᠠᠬᠤ ᠪᠦᠬᠦᠢ ᠰᠦᠪᠡ ᠶᠢᠨ ᠣᠷᠤᠨ ᠪᠠᠶᠢᠷᠢᠰᠢᠯ ᠢᠶᠠᠷ ᠤᠷᠠᠳ ᠤᠨ ᠡᠮᠦᠨᠡᠲᠦ ᠬᠤᠰᠢᠭᠤ ᠶᠢ ᠪᠠᠷᠠᠭᠤᠨ ᠭᠦᠩ ᠤᠨ ᠬᠤᠰᠢᠭᠤ᠂ ᠤᠷᠠᠳ ‍ᠤᠨ‌‍ᠲ᠋ᠤᠮᠳᠠᠳᠤ ᠬᠤᠰᠢᠭᠤ ᠶᠢ ᠳᠤᠮᠳᠠᠳᠤ ᠭᠦᠩ ᠤᠨ ᠬᠤᠰᠢᠭᠤ᠂ ᠤᠷᠠᠳ ᠤᠨ ᠬᠤᠶᠢᠲᠤ ᠬᠤᠰᠢᠭᠤ ᠶᠢ ᠵᠡᠭᠦᠨ ᠭᠦᠩ ᠤᠨ ᠬᠤᠰᠢᠭᠤ ᠭᠡᠮᠡᠨ ᠨᠡᠷᠡᠯᠡᠬᠦ ᠪᠣᠯᠵᠠᠢ᠃ ᠲᠡᠦᠬᠡᠨ ᠳᠡᠭᠡᠷ᠎ᠡ《 ᠤᠷᠠᠳ ᠤᠨ ᠭᠤᠷᠪᠠᠨ ᠭᠦᠩ ᠤᠨ ᠬᠤᠰᠢᠭᠤ 》 ᠭᠡᠳᠡᠭ᠃      1670ᠣᠨ ︵  ᠡᠩᠬᠡ ᠠᠮᠣᠭᠤᠯᠠᠩ ᠤᠨ 9 ᠣᠨ︶  ᠲᠤ ᠳᠦᠷᠪᠡᠨ ᠬᠡᠦᠬᠡᠳ ᠤᠨ ᠬᠤᠰᠢᠭᠤ ︵  ᠣᠳᠣ ᠶᠢᠨ ᠳᠦᠷᠪᠡᠳ ᠬᠤᠰᠢᠭᠤ︶᠂ ᠮᠣᠣᠮᠢᠩᠭᠠᠨ ᠬᠤᠰᠢᠭᠤ᠂ ᠤᠷᠠᠳ ᠤᠨ ᠭᠤᠷᠪᠠᠨ ᠭᠦᠩ ᠤᠨ ᠬᠤᠰᠢᠭᠤ  ᠵᠡᠷᠭᠡ ᠵᠢᠷᠭᠤᠭᠠᠨ ᠬᠤᠰᠢᠭᠤ᠂ ᠳᠦᠷᠪᠡᠳ ᠬᠤᠰᠢᠭᠤᠨ ᠤ ᠬᠡᠪᠴᠢᠶᠡᠨ ᠲᠠᠬᠢ ᠤᠯᠠᠭᠠᠨ ᠠᠭᠤᠯᠠ ᠶᠢᠨ ᠠᠮᠠᠨ ᠳᠤ  ᠬᠠᠮᠤᠭ ᠤᠨ ᠠᠩᠬᠠᠨ ᠤ ᠴᠢᠭᠤᠯᠭᠠᠨᠨ ᠴᠢᠭᠤᠯᠪᠠ᠃ ᠤᠯᠠᠭᠠᠨᠴᠠᠪ ᠴᠢᠭᠤᠯᠭᠠᠨ ᠭᠡᠳᠡᠭ ᠨᠢ ᠠᠳᠡ ᠠᠴᠠ ᠢᠷᠡᠯᠲᠡᠢ᠃      1765 ᠣᠨ( ᠲᠡᠭᠷᠢ ᠳᠡᠳᠭᠦᠭᠴᠢ ᠶᠢᠨ30︶ ᠣᠨ ᠳᠤ ᠤᠷᠠᠳ ᠤᠭ ᠭᠦᠩ ᠤᠨ ᠬᠤᠰᠢᠭᠤᠨ ᠤ ᠵᠠᠰᠠᠭ ᠶᠠᠮᠤᠨ ᠲᠠᠰᠤᠷᠠᠯᠲᠠ ᠦᠭᠡᠢ ᠰᠢᠯᠵᠢᠨ ᠨᠡᠪᠲᠡᠯᠯᠡᠭᠰᠡᠨ ᠠᠴᠠ ᠭᠤᠷᠪᠠᠨ ᠬᠤᠰᠢᠭᠤᠨ ᠤ ᠨᠤᠲᠤᠭ ᠤᠰᠤᠨ ᠤ ᠬᠢᠯᠢ ᠵᠠᠭᠠᠭ ᠶᠡᠭᠡ ᠲᠦᠯᠦᠪ ᠪᠦᠷᠢᠯᠳᠤᠵᠦ᠂ ᠤᠷᠠᠳ ᠤᠨ ᠪᠠᠷᠠᠭᠤᠨ ᠭᠦᠩ ᠤᠨ ᠬᠤᠰᠢᠭᠤ ᠮᠤᠨᠠ ᠠᠭᠤᠯᠠ ᠶᠢᠨ ᠦᠪᠦᠷ᠂ ᠤᠷᠠᠳ ᠤᠨ ᠳᠤᠮᠳᠠᠳᠤ ᠭᠦᠩ ᠤᠨ ᠬᠤᠰᠢᠭᠤ ᠮᠣᠨᠠ ᠠᠭᠤᠯᠠ ᠶᠢᠨ ᠠᠷᠤ᠂ ᠤᠷᠠᠳ ᠤᠨ  ᠵᠡᠭᠦᠨ ᠭᠦᠩ ᠤᠨ ᠬᠤᠰᠢᠭᠤ ᠪᠡᠳᠭᠡᠷ ᠰᠦᠮ᠎ᠡ ᠶᠢᠨ ᠤᠷᠴᠢᠮ ᠪᠠᠶᠢᠷᠢᠰᠢᠪᠠ᠃ ᠭᠡᠲᠡᠯ᠎ᠡ ᠭᠤᠷᠪᠠᠨ ᠬᠤᠰᠢᠭᠤᠨ ᠤ ᠬᠠᠷᠢᠶᠠᠲᠤ ᠠᠷᠠᠳ ᠤᠰᠤ ᠪᠡᠯᠴᠢᠭᠡᠷ ᠢ ᠳᠠᠭᠠᠵᠤ ᠨᠡᠭᠦᠳᠡᠯᠯᠡᠨ ᠮᠠᠯᠵᠢᠳᠠᠭ ᠪᠣᠯᠬᠤᠷ ᠴᠢᠨᠣ ᠳᠤᠮᠳᠠ ᠴᠢ ᠪᠠᠶᠢᠬᠤ  ᠰᠤᠯᠪᠢᠴᠠᠭᠰᠠᠨ ᠪᠠᠶᠢᠳᠠᠯ ᠲᠠᠢ ᠪᠣᠯᠵᠠᠢ᠃      1912ᠣᠨ ᠳᠤ ᠢᠷᠭᠡᠨ ᠤᠯᠤᠰ ᠪᠠᠶᠢᠭᠤᠯᠤᠭᠳᠠᠭᠰᠠᠨ ᠤ ᠳᠠᠷᠠᠭ᠎ᠠ ᠪᠠᠷ᠂ ᠤᠷᠠᠳ ᠤᠨ ᠭᠤᠷᠪᠠᠨ ᠭᠦᠩ ᠤᠨ ᠬᠤᠰᠢᠭᠤ ᠮᠣᠩᠭᠤᠯ ᠲᠦᠪᠡᠳ ᠤᠨ ᠶᠠᠪᠤᠳᠠᠯ ᠤᠨ ᠲᠣᠪᠴᠢᠶᠠᠨ ᠳᠤ ᠬᠠᠮᠢᠶᠠᠷᠤᠭᠳᠠᠬᠤ᠂1914 ᠣᠨ ᠳᠤ ᠰᠦᠢᠶᠦᠸᠠᠨ ᠤ ᠲᠤᠰᠬᠠᠢ ᠣᠷᠤᠨ ᠳᠤ᠂1928 ᠣᠨ ᠠᠴᠠ ᠰᠦᠢᠶᠦᠸᠠᠨ ᠮᠣᠵᠢ ᠳᠤ ᠬᠠᠷᠢᠶᠠᠯᠠᠭᠳᠠᠪᠠ᠃      1949 ᠣᠨ ᠤ 9 ᠰᠠᠷ᠎ᠠ ᠶᠢᠨ19 ᠤ ᠡᠳᠦᠷ ᠰᠦᠢᠶᠦᠸᠠᠨ ᠮᠣᠵᠢ ᠵᠢᠷᠦᠮ ᠤᠨ ᠪᠣᠰᠤᠯᠭ᠎ᠠ ᠭᠠᠷᠭᠠᠭᠰᠠᠨ ᠳᠤ ᠤᠷᠠᠳ ᠤᠨ ᠭᠤᠷᠪᠠᠨ ᠬᠦᠩ ᠤᠨ ᠬᠤᠰᠢᠭᠤ ᠴᠤ ᠳᠠᠭᠠᠯᠳᠤᠨ ᠴᠢᠯᠦᠭᠡᠯᠡᠭᠳᠡᠵᠦ᠂ ᠳᠤᠮᠳᠠᠳᠤ ᠣᠯᠣᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠵᠢᠩᠬᠢᠨᠢ ᠪᠠᠷ ᠬᠦᠯᠢᠶᠡᠨ ᠠᠪᠴᠦ᠂ ᠪᠤᠵᠠᠭᠠᠶᠢᠷᠠᠨ ᠬᠦᠭᠵᠢᠬᠦ ᠦᠶ᠎ᠡ ᠳᠤ ᠪᠠᠨ ᠠᠯᠬᠤᠨ ᠤᠷᠤᠪᠠ ᠃      1949 ᠣᠨ ᠤ10 ᠰᠠᠷ᠎ᠠ1 ᠤ ᠡᠳᠦᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠣᠯᠣᠰ ᠪᠠᠶᠢᠭᠤᠯᠤᠭᠳᠠᠬᠤ ᠳᠤ ᠤᠷᠠᠳ ᠤᠨ ᠭᠤᠷᠪᠠᠨ ᠬᠤᠰᠢᠭᠤ ᠴᠤ ᠤᠯᠠᠨ ᠦᠨᠳᠦᠰᠦᠲᠡᠨ ᠨᠢᠭᠡᠳᠦᠭᠰᠡᠨ ᠤᠯᠤᠰ ᠤᠨ ᠨᠢᠭᠡᠨ ᠪᠦᠷᠢᠯᠳᠦᠭᠦᠨ ᠪᠣᠯᠪᠠ᠃      1950ᠣᠨ ᠤ7 ᠰᠠᠷ᠎ᠠ ᠶᠢᠨ10 ᠤ ᠡᠳᠦᠷ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠬᠠᠯᠠᠭᠠᠢ ᠶᠢᠨ ᠪᠣᠯᠤᠩ ᠳᠤ ᠪᠠᠶᠢᠭᠤᠯᠤᠭᠳᠠᠪᠠ᠃1950 ᠣᠨ ᠤ7 ᠰᠠᠷ᠎ᠠ ᠶᠢᠨ18 ᠤ ᠡᠳᠦᠷ ᠤᠷᠠᠳ ᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ  ᠤᠯᠠᠭᠠᠨ᠋ᠣᠪᠤᠭ᠎ᠠ ᠳᠤ ᠪᠠᠶᠢᠭᠤᠯᠠᠭᠳᠠᠵᠤ᠂ ᠨᠠᠮᠤᠷ ᠤᠨ ᠰᠡᠭᠦᠯᠴᠢ ᠡᠪᠦᠯ ᠤᠨ ᠡᠬᠢᠨ ᠪᠤᠪᠠᠲᠠᠢ ᠳᠤ ᠰᠢᠯᠵᠢᠵᠦ᠂1951 ᠣᠨ ᠤ 9 ᠰᠠᠷ᠎ᠠ ᠳᠤ ᠬᠠᠯᠢᠭᠤᠲᠤ ᠳᠤ ᠨᠡᠭᠦᠵᠡᠢ᠃1950 ᠣᠨ ᠤ7 ᠰᠠᠷ᠎ᠠ ᠶᠢᠨ21 ᠤ ᠡᠳᠦᠷ ᠤᠷᠠᠳ ᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ  ᠰᠢᠨᠡᠪᠦᠷᠢᠶ᠎ᠡ ᠳᠤ ᠪᠠᠶᠢᠭᠤᠯᠤᠭᠳᠠᠨ᠂ ᠮᠦᠨ ᠰᠠᠷ᠎ᠠ ᠶᠢᠨ ᠬᠢᠨᠢ 29  ᠤ ᠡᠳᠦᠷ ᠵᠢᠶᠡᠨ ᠵᠢᠶᠠ ᠶᠣᠣ ᠲᠤᠰᠬᠤᠨ ᠳᠤ ᠰᠢᠯᠵᠢᠨ᠂11 ᠰᠠᠷ᠎ᠠ ᠳᠤ ᠨᠢ ᠠᠭᠤᠶᠢᠲᠤ ᠶᠢᠨ ᠰᠦᠮ᠎ᠡ ᠳᠤ ᠨᠡᠭᠦᠪᠡ᠃      1952ᠣᠨ ᠤ10 ᠰᠠᠷ᠎ᠠ ᠶᠢᠨ15 ᠡᠳᠦᠷ᠂ ᠲᠦᠪ ᠤᠨ ᠠᠷᠠᠳ ᠤᠨ ᠵᠠᠰᠠᠭ ᠤᠨ ᠣᠷᠳᠤᠨ ᠤ ᠴᠣᠬᠤᠯᠠᠪᠦᠷᠢ ᠶᠢ ᠦᠨᠳᠦᠰᠦᠯᠡᠨ ᠤᠷᠠᠳ ᠤᠨ ᠳᠤᠮᠳᠠᠳᠤ ᠬᠤᠰᠢᠭᠤᠨ᠂ ᠤᠷᠠᠳ ᠤᠨ ᠬᠤᠶᠢᠲᠤ ᠬᠤᠰᠢᠭᠤᠨ ᠢ ᠨᠡᠶᠢᠯᠡᠭᠦᠯᠦᠨ ᠤᠷᠠᠳ ᠤᠨ  ᠳᠤᠮᠳᠠᠳᠤ ᠬᠤᠶᠢᠲᠤ ᠬᠤᠯᠪᠤᠭᠠᠲᠤ ᠬᠤᠰᠢᠭᠤ ᠭᠡᠮᠡᠨ ᠨᠡᠷᠡᠯᠡᠵᠦ᠂ ᠬᠤᠰᠢᠭᠤ ᠵᠠᠰᠠᠭ ᠤᠨ ᠤᠷᠳᠤᠨ ᠨᠢ ᠬᠠᠯᠢᠭᠤᠲᠤ ᠳᠤ ᠪᠠᠶᠢᠷᠢᠯᠠᠪᠠ᠃      1958ᠣᠨ ᠤ4 ᠰᠠᠷ᠎ᠠ ᠶᠢᠨ25 ᠤ ᠡᠳᠦᠷ ᠠᠨᠪᠧᠷᠢ ᠰᠢᠶᠠᠨ ᠤ ᠪᠠᠶᠢᠭᠤᠯᠤᠮᠵᠢ ᠶᠢ ᠬᠠᠰᠤᠵᠤ᠂ ᠤᠷᠠᠳ ᠤᠨ ᠡᠮᠦᠨᠡᠲᠦ ᠬᠤᠰᠢᠭᠤ ᠲᠠᠢ ᠬᠠᠮᠲᠤᠷᠠᠭᠤᠯᠪᠠ᠃ ᠤᠷᠠᠳ ᠤᠨ ᠡᠮᠦᠨᠡᠲᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ ᠨᠢ1958 ᠣᠨ ᠤ5 ᠰᠠᠷ᠎ᠠ ᠳᠤ ᠬᠠᠯᠠᠭᠠᠢ ᠶᠢᠨ ᠪᠣᠯᠤᠩ ᠠᠴᠠ ᠰᠢᠨ ᠠᠨ ᠪᠠᠯᠭᠠᠰᠤ ᠳᠤ ᠰᠢᠯᠵᠢᠵᠤ1959 ᠣᠨ ᠤ9 ᠰᠠᠷ᠎ᠠ ᠳᠤ ᠰᠢᠨ ᠠᠨ  ᠪᠠᠯᠭᠠᠰᠤᠨ ᠠᠴᠠ  ᠰᠢ ᠱᠠᠨ ᠽᠦᠢ ︵ᠣᠳᠤ ᠶᠢᠨ ᠮᠣᠨᠠ ᠠᠭᠤᠯᠠ︶ ᠪᠠᠯᠭᠠᠰᠤᠨ ᠳᠤ ᠰᠢᠯᠵᠢᠵᠦ ᠢᠷᠠᠪᠡ᠃1960 ᠣᠨ ᠳᠤ ᠤᠷᠠᠳ ᠤᠨ ᠡᠮᠦᠨᠡᠲᠦ ᠬᠤᠰᠢᠭᠤ ᠪᠤᠭᠤᠲᠤ ᠬᠤᠲᠠ ᠳᠤ ᠬᠠᠷᠢᠶᠠᠯᠠᠭᠳᠠᠬᠤ ᠠᠴᠠ1963 ᠣᠨ ᠳᠤ ᠪᠠᠶᠠᠨᠨᠠᠭᠤᠷ ᠠᠶᠢᠮᠠᠭ ᠲᠤ ᠬᠠᠷᠢᠶᠠᠯᠠᠭᠳᠠᠭᠠᠳ ᠡᠳᠦᠭᠡ ᠪᠣᠯᠵᠤ ᠪᠣᠢ᠃      1970ᠣᠨ ᠤ10 ᠰᠠᠷ᠎ᠠ ᠶᠢᠨ3 ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠲᠦᠷᠦ ᠶᠢᠨ ᠴᠡᠷᠢᠭ ᠤᠨ ᠶᠠᠪᠤᠳᠠᠯ ᠤᠨ ᠴᠤᠬᠤᠯᠠᠪᠦᠷᠢ ᠶᠢ ᠦᠨᠳᠦᠰᠦᠯᠡᠵᠦ᠂ ᠤᠷᠠᠳ ᠤᠨ ᠳᠤᠮᠳᠠᠳᠤ ᠬᠤᠶᠢᠲᠤ ᠬᠤᠯᠪᠤᠭᠠᠲᠤ ᠬᠤᠰᠢᠭᠤᠨ ᠤ ᠪᠠᠷᠠᠭᠤᠨ ᠬᠡᠰᠡᠭ ᠲᠠᠬᠢ ᠪᠤᠶᠠᠨᠲᠤ ᠪᠠᠶᠠᠨᠴᠢᠨᠳᠠᠮᠤᠨᠢ ᠪᠠᠶᠠᠨ ᠭᠤᠪᠢ ᠦᠯᠵᠡᠢ ᠣᠣ ᠶᠢᠨ ᠭᠤᠣᠯ᠂ ᠨᠠᠷᠠᠨᠪᠣᠯᠠᠭ ᠂  ᠴᠣᠬᠠᠦ᠋ᠨᠳᠦᠷ ᠂ ᠪᠠᠶᠠᠨᠪᠤᠯᠠᠭ ᠵᠡᠷᠭᠡ8 ᠠᠷᠠᠳ ᠤᠨ ᠨᠢᠭᠡᠳᠡᠯ᠂  ᠭᠡᠷᠡᠯᠲᠦ ᠣᠳᠤᠨ ᠮᠦᠷᠡᠨ ᠬᠤᠶᠠᠷ ᠬᠤᠷᠰᠢᠭᠳᠠᠨ ᠮᠠᠯᠵᠢᠯ ᠤᠨ ᠲᠠᠯᠠᠪᠠᠢ ᠶᠢ ᠰᠠᠯᠭᠠᠵᠤ᠂  ᠴᠣᠬᠠᠦ᠋ᠨᠳᠦᠷ ᠠᠷᠠᠳ ᠤᠨ ᠨᠢᠭᠡᠳᠦᠯ ᠳᠤ ᠴᠤᠭ ᠬᠤᠰᠢᠭᠤ ᠶᠢ ᠪᠠᠶᠢᠭᠤᠯᠪᠠ᠃      1981ᠣᠨ ᠤ8 ᠰᠠᠷ᠎ᠠ ᠶᠢᠨ24 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ ᠴᠤᠭ ᠬᠤᠰᠢᠭᠤ ᠶᠢ ᠤᠷᠠᠳ ᠤᠨ ᠬᠤᠶᠢᠲᠤ ᠬᠤᠰᠢᠭᠤ ᠭᠡᠵᠦ ᠨᠡᠷᠡᠶᠢᠳᠦᠯ ᠢ ᠨᠢ ᠰᠤᠯᠢᠪᠠ᠂ ᠤᠷᠠᠳ ᠤᠨ ᠳᠤᠮᠳᠠᠳᠤ ᠬᠤᠶᠢᠲᠤ ᠬᠤᠯᠪᠤᠭᠠᠲᠤ ᠬᠤᠰᠢᠭᠤ ᠶᠢ ᠤᠷᠠᠳ ᠤᠨ ᠳᠤᠮᠳᠠᠳᠤ  ᠬᠤᠰᠢᠭᠤ ᠭᠡᠮᠡᠨ ᠨᠡᠷᠡᠯᠡᠪᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ