【ᠲᠡᠦᠬᠡ ᠰᠤᠶᠤᠯ】ᠤᠷᠠᠳ ᠠᠷᠠᠳ ᠤᠨ ᠳᠠᠭᠤᠤ ᠶᠢᠨ ᠲᠣᠬᠠᠢ
ᠨᠡᠶᠢᠲᠡᠯᠡᠭᠰᠡᠨ ᠴᠠᠭ᠄
2021/11/26
     1648 ᠣᠨ ᠳᠤ ᠬᠦᠯᠦᠨ ᠪᠣᠶᠢᠷ ᠤᠨ ᠲᠠᠯ᠎ᠠ ᠨᠣᠲᠤᠭ ᠠᠴᠠ ᠣᠳᠣᠬᠠᠨ ᠤ ᠨᠤᠲᠤᠭ ᠪᠡᠯᠴᠢᠭᠡᠷ ᠲᠤ ᠨᠡᠭᠦᠳᠡᠯᠯᠡᠨ ᠢᠷᠡᠬᠦ ᠶᠢ ᠳᠠᠭᠠᠯᠳᠤᠨ᠂ ᠤᠷᠠᠳ ᠠᠷᠠᠳ ᠤᠨ ᠳᠠᠭᠤᠤ ᠶᠢᠨ ᠣᠯᠠᠩᠬᠢ ᠨᠢ ᠵᠡᠭᠦᠨ ᠬᠤᠶᠢᠲᠤ ᠣᠷᠤᠨ ᠠᠴᠠ ᠤᠯᠠᠮᠵᠢᠯᠠᠵᠤ ᠢᠷᠡᠭᠰᠡᠨ ᠨᠢ ᠯᠠᠪᠲᠠᠢ ᠶᠣᠮ᠃ ᠡᠭᠦᠨ ᠤ ᠤᠯᠠᠮ ᠢᠶᠠᠷ᠂ ᠬᠠᠲᠤᠨ ᠪᠠᠷᠠᠭᠠᠳᠠᠭᠰᠠᠨ ᠣᠷᠳᠤᠰ ᠠᠷᠠᠳ ᠤᠨ ᠳᠠᠭᠤᠤ ᠲᠠᠢ ᠤᠷᠳᠤ ᠬᠤᠭᠤᠴᠠᠭ᠎ᠠ ᠪᠠᠷ ᠠᠭᠤᠰᠤᠯᠴᠠᠨ ᠨᠡᠪᠴᠢᠵᠦ᠂ ᠲᠤᠩ ᠣᠯᠠᠨ ᠣᠶᠢᠷᠠᠯᠴᠠᠭ᠎ᠠ ᠪᠦᠭᠡᠳ ᠠᠳᠠᠯᠢᠪᠲᠤᠷ ᠠᠷᠠᠳ ᠤᠨ ᠳᠠᠭᠤᠤ ᠪᠣᠢ ᠪᠣᠯᠤᠭᠰᠠᠨ ᠪᠢᠯᠡ᠃ ᠢᠩᠬᠢᠭᠡᠳ18 ᠳ᠋ᠤᠭᠠᠷ ᠵᠠᠭᠤᠨ ᠤ ᠳᠡᠭᠡᠷ᠎ᠡ ᠬᠠᠭᠠᠰ ᠵᠠᠭᠤᠨ ᠬᠦᠷᠦᠭᠡᠳ ᠤᠷᠠᠳ ᠨᠤᠲᠤᠭ ᠲᠤ ᠰᠢᠷ᠎ᠠ ᠶᠢᠨ   ᠱᠠᠰᠢᠨ ᠤ ᠨᠦᠯᠦᠭᠡ ᠪᠠᠷ᠂ ᠣᠯᠠᠨ ᠲᠦᠮᠡᠨ ᠤ ᠦᠵᠡᠯ ᠰᠠᠨᠠᠭ᠎ᠠ᠂ ᠶᠣᠰᠤ ᠰᠤᠷᠲᠠᠬᠤᠨ᠂ ᠤᠯᠤᠰ ᠲᠦᠷᠦ ᠵᠢᠴᠢ ᠠᠵᠤ ᠠᠮᠢᠳᠤᠷᠠᠯ ᠤᠨ ᠳᠤᠮᠳᠠ ᠴᠦᠮ ᠪᠣᠷᠬᠠᠨ ᠱᠠᠰᠢᠨ ᠤ ᠨᠣᠮᠯᠠᠯ ᠤᠨ ᠤᠬᠠᠭᠳᠠᠬᠤᠨ ᠬᠦᠨ ᠰᠢᠮᠡᠳᠴᠦ᠂ ᠬᠦᠮᠦᠰ ᠤᠨ ᠣᠶᠤᠨ ᠤᠬᠠᠭᠠᠨ ᠤ ᠬᠦᠷᠢᠶ᠎ᠡ ᠬᠡᠪᠴᠢᠶ᠎ᠡ ᠶᠢ ᠬᠦᠨ ᠨᠦᠯᠦᠭᠡᠯᠡᠭᠰᠡᠨ ᠪᠠᠶᠢᠨ᠎ᠠ᠃ ᠡᠭᠦᠨ ᠠᠴᠠ ᠤᠷᠠᠳ ᠠᠷᠠᠳ ᠤᠨ ᠳᠠᠭᠤᠤ ᠨᠢ ᠲᠡᠭᠦᠨ ᠤ ᠡᠬᠢ ᠢᠷᠡᠯᠲᠡ᠂ ᠠᠭᠤᠯᠭ᠎ᠠ᠂ ᠳᠠᠭᠤᠤ ᠶᠢᠨ ᠠᠶᠠᠯᠭᠤ᠂ ᠨᠦᠯᠦᠭᠡᠯᠡᠯ ᠵᠡᠷᠭᠡ ᠳᠦᠷᠪᠡᠨ ᠶᠡᠭᠡ ᠣᠨᠴᠠᠭᠠᠢ ᠬᠡᠪ ᠨᠠᠮᠪᠠ ᠪᠠᠷ ᠪᠣᠰᠤᠳ ᠮᠣᠩᠭᠤᠯ ᠦᠨᠳᠦᠰᠦᠲᠡᠨ ᠤ ᠠᠷᠠᠳ ᠤᠨ ᠳᠠᠭᠤᠤ ᠠᠴᠠ ᠢᠯᠭᠠᠷᠠᠭᠳᠠᠬᠤ ᠠᠳᠠᠯᠢ ᠪᠣᠰᠤ ᠶᠢᠨ ᠣᠨᠴᠠᠯᠢᠭ ᠢᠶᠠᠷ ᠤᠯᠠᠮᠵᠢᠯᠠᠭᠳᠠᠭᠠᠳ ᠬᠤᠶᠠᠷ ᠵᠠᠭᠤ ᠭᠠᠷᠤᠢ ᠵᠢᠯ ᠪᠣᠯᠵᠠᠢ᠃      ᠯᠣᠪᠰᠠᠩᠳᠠᠮᠪᠢᠵᠠᠯᠰᠠᠨ ︵1717-1766) ᠪᠣᠯ ᠮᠡᠷᠭᠡᠨ ᠬᠡᠶᠢᠳ ᠤᠨ ᠭᠡᠭᠡᠨ ᠤ ᠭᠤᠷᠪᠠᠳᠤᠭᠠᠷ ᠳᠦᠷᠢ᠂ ᠠᠯᠳᠠᠷᠲᠤ ᠤᠳᠬ᠎ᠠ ᠵᠣᠬᠢᠶᠠᠯᠴᠢ᠂ ᠳᠠᠭᠤᠤ ᠶᠢᠨ ᠦᠭᠡ ᠠᠶᠠᠰ ᠢ ᠬᠠᠮᠲᠤ ᠳᠤᠨᠢ ᠵᠣᠬᠢᠶᠠᠭᠰᠠᠨ  ᠨᠡᠷ᠎ᠡ ᠠᠯᠳᠠᠷᠲᠦ ᠦᠵᠡᠯ ᠰᠠᠨᠠᠭᠠᠴᠢᠨ ᠶᠤᠮ ᠃ ᠲᠡᠭᠦᠨ ᠤ ᠵᠣᠬᠢᠶᠠᠭᠰᠠᠨ ᠤᠷᠲᠤ ᠪᠣᠭᠤᠨᠢ ᠠᠶᠠᠯᠭᠠᠲᠤ ᠠᠷᠠᠳ ᠤᠨ ᠳᠠᠭᠤᠤ ᠨᠢ ᠤᠷᠠᠳ ᠠᠷᠠᠳ ᠤᠨ ᠳᠣᠮᠳᠠ ᠴᠢᠨᠠᠭᠰᠢᠳᠠ ᠦᠪᠦᠷ ᠮᠣᠩᠭᠤᠯ ᠤᠨ ᠡᠯ᠎ᠡ ᠭᠠᠵᠠᠷ ᠲᠤ ᠦᠷᠭᠡᠨ ᠬᠡᠪᠴᠢᠶ᠎ᠡ  ᠪᠠᠷ ᠤᠯᠠᠮᠵᠢᠯᠠᠭᠳᠠᠵᠤ᠂ ᠮᠠᠯᠴᠢᠨ ᠠᠷᠠᠳ ᠤᠨ ᠲᠠᠭᠠᠰᠢᠶᠠᠯ ᠢ ᠣᠯᠤᠭᠰᠠᠨ ᠶᠤᠮ᠃ ᠲᠡᠶᠢᠮᠦ ᠠᠴᠠ ᠤᠷᠠᠳ ᠠᠷᠠᠳ ᠤᠨ ᠳᠠᠭᠤᠤ ᠨᠢ18 ᠳ᠋ᠤᠭᠠᠷ ᠵᠠᠭᠤᠨ ᠤ ᠳᠡᠭᠡᠷ᠎ᠡ ᠬᠠᠭᠠᠰ ᠵᠠᠭᠤᠨ ᠠᠴᠠ ᠡᠬᠢᠯᠡᠨ ᠰᠦᠮ᠎ᠡ ᠬᠡᠶᠢᠳ ᠤᠨ ᠭᠡᠭᠡᠨ ᠬᠤᠪᠢᠯᠭᠠᠨ ᠤ ᠵᠣᠬᠢᠶᠠᠭᠰᠠᠨ ᠱᠠᠰᠢᠨ ᠤ ᠨᠣᠮᠯᠠᠯ ᠤᠨ ᠠᠭᠤᠯᠭ᠎ᠠ ᠪᠦᠬᠦᠢ ᠰᠢᠯᠦᠭ ᠳᠠᠭᠤᠤ ᠶᠢᠨ ᠬᠡᠪ ᠨᠠᠮᠪᠠ ᠪᠠᠷ ᠦᠪᠡᠷ ᠤᠨ ᠦᠪᠡᠷᠮᠢᠴᠡ ᠣᠨᠴᠠᠯᠢᠭ ᠢᠶᠠᠨ ᠪᠣᠯᠭᠠᠨ ᠪᠣᠰᠤᠳ ᠮᠣᠩᠭᠤᠯ ᠳᠠᠭᠤᠤ ᠯᠤᠭ᠎ᠠ ᠠᠳᠠᠯᠢ ᠪᠣᠰᠤ ᠢᠷᠡᠯᠲᠡ ᠲᠠᠢ ᠪᠣᠯᠤᠭᠰᠠᠨ ᠪᠠᠶᠢᠨ᠎ᠠ ᠃ ᠮᠦᠨᠴᠦ ᠣᠷᠳᠤᠰ ᠠᠷᠠᠳ ᠤᠨ ᠳᠠᠭᠤᠤ ᠶᠢᠨ ᠨᠦᠯᠦᠭᠡ ᠪᠠᠷ ᠪᠣᠢ ᠪᠣᠯᠤᠭᠰᠠᠨ ᠡᠩ ᠤᠨ ᠠᠷᠠᠳ ᠤᠨ ᠦᠪᠡᠷᠲᠡᠭᠡᠨ ᠵᠣᠬᠢᠶᠠᠵᠤ᠂ ᠦᠪᠡᠷᠲᠡᠭᠡᠨ ᠪᠦᠲᠦᠭᠡᠭᠰᠡᠨ ᠠᠷᠠᠳ ᠤᠨ ᠳᠠᠭᠤᠤ ᠨᠤᠭᠤᠳ ᠪᠣᠯᠤᠨ᠎ᠠ᠃ ᠰᠢᠯᠦᠭ ᠳᠠᠭᠤᠤ ᠨᠢ ᠬᠦᠨ ᠤᠬᠠᠭᠠᠯᠢᠭ ᠶᠣᠰᠤ ᠨᠣᠮᠯᠠᠯ ᠤᠨ ᠤᠳᠬ᠎ᠠ ᠰᠠᠨᠠᠭ᠎ᠠ ᠬᠦᠨ ᠠᠭᠤᠯᠤᠭᠳᠠᠵᠤ᠂ ᠪᠤᠷᠬᠠᠨ ᠤ ᠶᠣᠰᠤ ᠰᠣᠷᠲᠠᠬᠤᠨ ᠢᠶᠠᠷ ᠬᠦᠮᠦᠰ ᠢ  ᠰᠤᠷᠭᠠᠵᠤ ᠬᠦᠲᠦᠯᠦᠭᠰᠡᠨ ᠠᠴᠢ ᠬᠤᠯᠪᠤᠭᠳᠠᠯ ᠲᠠᠢ ᠪᠠᠶᠢᠳᠠᠭ᠃ᠳᠠᠭᠤᠤ ᠶᠢᠨ ᠪᠦᠲᠦᠴᠡ ᠨᠢ ᠨᠡᠯᠢᠶᠡᠳ ᠴᠢᠯᠦᠭᠡᠲᠡᠢ᠂ ᠡᠯ᠎ᠡ ᠦᠭᠡ ᠠᠶᠠᠰ ᠤᠨ ᠬᠤᠭᠤᠷᠤᠨᠳᠤᠬᠢ ᠪᠠᠭ᠎ᠠ ᠲᠠᠰᠤᠯᠭ᠎ᠠ ᠶᠢᠨ ᠲᠤᠭ᠎ᠠ ᠪᠦᠷᠢᠮᠦᠰᠦᠨ ᠠᠳᠠᠯᠢ ᠪᠢᠰᠢ᠂ ᠬᠦᠭ ᠠᠶᠠᠰ ᠤᠨ ᠬᠤᠪᠢᠷᠠᠯᠲᠠ ᠨᠢ ᠴᠢᠯᠦᠭᠡᠲᠡᠢ᠂ ᠤᠯᠠᠩᠬᠢ ᠳᠠᠭᠠᠨ《 ᠵᠧ᠂ ᠭᠤᠩ᠂ ᠢᠤᠢ᠂ ᠱᠠᠩ》 ᠠᠶᠠᠯᠭᠤ ᠶᠢ ᠬᠡᠷᠡᠭᠯᠡᠵᠦ᠂ ᠪᠠᠶᠠᠷ ᠵᠢᠪᠬᠤᠭ᠎ᠠ ᠲᠠᠢ᠂ ᠪᠠᠲᠤ ᠯᠠᠪᠳᠠᠭᠤᠨ᠂ ᠢᠳᠡ ᠬᠦᠴᠦᠯᠢᠭ᠂ ᠢᠯᠡᠳᠭᠡᠬᠦ ᠴᠢᠳᠠᠪᠤᠷᠢ ᠪᠠᠷ ᠴᠢᠩᠭ᠎ᠠ ᠪᠠᠶᠢᠳᠠᠭ᠃ ᠤᠷᠲᠤ᠂ ᠪᠣᠭᠤᠨᠢ ᠠᠷᠠᠳ ᠤᠨ ᠳᠠᠭᠤᠤ ᠨᠢ ᠴᠦᠮ ᠲᠠᠪᠤᠨ ᠡᠭᠡᠰᠢᠭᠲᠦ ᠱᠠᠲᠤᠨ ᠤ ᠵᠢᠷᠤᠮᠰᠢᠯ ᠳᠡᠭᠡᠷ᠎ᠡ ᠵᠣᠬᠢᠶᠠᠭᠳᠠᠵᠠᠢ᠃〈 ᠱᠠᠩ〉 ᠠᠶᠠᠯᠭᠤ ᠶᠢ ᠬᠡᠷᠡᠭᠯᠡᠬᠦ ᠪᠣᠯ ᠤᠷᠠᠳ ᠠᠷᠠᠳ ᠤᠨ ᠳᠠᠭᠤᠤ ᠳᠤ ᠯᠠ ᠪᠠᠶᠢᠳᠠᠭ ᠦᠪᠡᠷᠮᠢᠴᠡ ᠣᠨᠴᠠᠯᠢᠭ ᠤᠨ ᠨᠢᠭᠡ ᠶᠤᠮ᠃ ᠣᠳᠤ ᠴᠦ ᠭᠡᠰᠡᠨ ᠠᠷᠠᠳ ᠤᠨ ᠠᠮᠢᠳᠤᠷᠠᠯ ᠤᠨ ᠳᠤᠮᠳᠠ ᠭᠦᠨ ᠬᠠᠳᠠᠩᠰᠢᠵᠤ᠂ ᠤᠷᠠᠳ ᠠᠷᠠᠳ ᠤᠨ ᠶᠡᠭᠡ ᠪᠠᠭ᠎ᠠ ᠨᠠᠶᠢᠷ ᠤᠨ ᠲᠠᠯᠠᠪᠤᠷ ᠲᠤ ᠵᠠᠪᠠᠯ ᠳᠠᠭᠤᠯᠠᠭᠳᠠᠳᠠᠭ ᠣᠨᠴᠠᠭᠠᠢ ᠬᠡᠯᠪᠡᠷᠢ ᠪᠣᠯᠤᠭᠰᠠᠨ ᠪᠠᠶᠢᠨ᠎ᠠ᠃ ᠶᠡᠭᠡ ᠪᠠᠭ᠎ᠠ ᠨᠠᠶᠢᠷ ᠢ ᠵᠠᠪᠠᠯ《 ᠭᠤᠷᠪᠠᠨ ᠪᠤᠶᠠᠨ》 ᠢᠶᠠᠷ ᠡᠬᠢᠯᠡᠭᠦᠯᠵᠦ᠂ ᠨᠠᠶᠢᠷ ᠤᠨ ᠳᠡᠰ ᠳᠠᠷᠠᠭ᠎ᠠ ᠪᠠᠷ ᠳᠠᠭᠤᠤ ᠪᠠᠨ ᠪᠠᠶᠢᠷᠢᠯᠠᠭᠤᠯᠳᠠᠭ ᠴᠢᠩᠭ᠎ᠠ ᠳᠦᠷᠢᠮ ᠢ ᠲᠣᠭᠲᠠᠭᠠᠭᠰᠠᠨ ᠶᠤᠮ᠃《 ᠮᠣᠨᠠ ᠠᠭᠤᠯᠠ ᠶᠢᠨ ᠠᠷᠠᠳ ᠤᠨ ᠳᠠᠭᠤᠤ》᠂《 ᠠᠭᠠᠷᠤᠲᠤ ᠶᠢᠨ ᠠᠷᠠᠳ ᠤᠨ ᠳᠠᠭᠤᠤ》᠂ ᠤᠷᠠᠳ ᠤᠨ《 ᠰᠠᠶᠢᠬᠤᠰᠤ ᠶᠢᠨ ᠠᠷᠠᠳ ᠤᠨ ᠳᠠᠭᠤᠤ》 ᠭᠡᠵᠦ ᠳᠦᠷᠪᠡᠨ ᠭᠠᠵᠠᠷ ᠣᠷᠤᠨ ᠳᠤ ᠲᠠᠷᠬᠠᠵᠤ ᠪᠣᠢ᠃ ᠡᠨᠡ ᠳᠦᠷᠪᠡᠨ ᠭᠠᠵᠠᠷ ᠤᠨ ᠠᠷᠠᠳ ᠤᠨ ᠳᠠᠭᠤᠤ ᠶᠢᠨ ᠬᠡᠪ ᠨᠠᠮᠪᠠ ᠬᠤᠭᠤᠷᠤᠨᠳᠤ ᠪᠠᠨ ᠪᠠᠭ᠋ᠠᠨ ᠠᠳᠠᠯᠢ ᠪᠣᠰᠤ ᠪᠣᠯᠤᠭᠰᠠᠨ ᠨᠢ ᠭᠤᠣᠯᠳᠠᠭᠤ ᠣᠷᠳᠤᠰ ᠠᠷᠠᠳ ᠤᠨ ᠳᠠᠭᠤᠨ ᠤ ᠨᠦᠯᠦᠭᠡ ᠪᠣᠯᠤᠨ ᠭᠠᠵᠠᠷ ᠣᠷᠤᠨ ᠤ ᠰᠤᠶᠤᠯ ᠤᠨ ᠣᠯᠠᠨ ᠵᠠᠩᠵᠤᠲᠤ ᠴᠢᠨᠠᠷ ᠠᠴᠠ ᠠᠶᠠᠯᠭᠤ ᠨᠢ ᠠᠳᠠᠯᠢ ᠪᠣᠰᠤ ᠪᠣᠯᠵᠤ᠂ ᠠᠶᠢᠵᠠᠮ ᠴᠣᠬᠢᠯᠭ᠎ᠠ ᠪᠠ ᠬᠦᠭᠵᠢᠮ ᠳᠠᠭᠠᠬᠤ  ᠬᠡᠯᠪᠡᠷᠢ ᠵᠡᠷᠭᠡ ᠲᠠᠯ᠎ᠠ ᠪᠠᠷ ᠢᠯᠭᠠᠭ᠎ᠠ ᠲᠠᠢ ᠪᠣᠯᠤᠭᠰᠠᠨ ᠪᠠᠶᠢᠨ᠎ᠠ᠃ ᠲᠦᠪ ᠡᠷᠬᠢᠮᠰᠦᠭ ᠨᠠᠶᠢᠷ ᠬᠤᠷᠢᠮ ᠳᠤ ᠰᠢᠯᠦᠭ ᠳᠠᠭᠤᠤ ᠳᠠᠭᠤᠯᠠᠬᠤ ᠪᠠᠷ ᠭᠤᠣᠯᠯᠠᠵᠤ᠂ ᠨᠠᠶᠢᠷ ᠤᠨ ᠳᠠᠭᠤᠤ ᠪᠠᠨ ᠭᠤᠷᠪᠠ ᠪᠠᠷ ᠡᠬᠢᠯᠡᠭᠦᠯᠳᠡᠭ ᠨᠢ ᠤᠷᠠᠳ ᠤᠨ ᠵᠠᠩᠰᠢᠯ᠂ ᠨᠡᠩᠴᠢᠳ ᠢᠳᠡᠭᠡᠨ ᠢᠶᠠᠨ ᠭᠤᠷᠪᠠ ᠢᠶᠠᠷ ᠪᠠᠷᠢᠳᠠᠭ ᠨᠢ ᠨᠣᠲᠤᠭ ᠤᠨ ᠣᠨᠴᠠᠯᠢᠭ᠂ ᠭᠤᠷᠪᠠᠨ ᠭᠤᠷᠪᠠ ᠶᠢᠰᠦᠨ ᠳᠠᠭᠤᠤ ᠪᠠᠨ ᠠᠶᠠᠯᠠᠭᠤᠯᠤᠨ ᠪᠠᠷᠠᠬᠤ ᠳᠤ ᠭᠤᠷᠪᠠᠨ ᠭᠤᠷᠪᠠ ᠶᠢᠰᠤᠨ ᠬᠤᠨᠳᠠᠭ᠎ᠠ ᠠᠷᠢᠬᠢ ᠪᠠᠨ ᠴᠦ ᠤᠤᠭᠤᠯᠭᠠᠵᠤ ᠪᠠᠷᠠᠳᠠᠭ᠃ ᠤᠷᠠᠳ ᠠᠷᠠᠳ ᠤᠨ ᠨᠠᠶᠢᠷ ᠲᠤ ᠠᠯᠢ ᠴᠠᠭ ᠦᠶ᠎ᠡ ᠳᠤ ᠶᠠᠮᠠᠷ ᠳᠠᠭᠤᠤ ᠳᠠᠭᠤᠯᠠᠬᠤ ᠨᠢ ᠪᠦᠷ  ᠲᠣᠭᠲᠠᠭᠰᠠᠨ ᠳᠦᠷᠢᠮ ᠲᠠᠢ ᠪᠠᠶᠢᠳᠠᠭ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ