ᠡᠩᠬᠡᠪᠠᠶᠠᠷ ︵1902-1928 ᠣᠨ︶ ︵ᠬᠢᠲᠠᠳ ᠨᠡᠷ᠎ᠡ ᠨᠢ ᠶᠢᠨ ᠠᠨ ᠰᠢ ᠭᠡᠳᠡᠭ︶᠂ ᠡᠷᠡᠭᠲᠡᠢ᠂ ᠮᠣᠩᠭᠤᠯ ᠦᠨᠳᠦᠰᠦᠲᠡᠨ᠂1902 ᠣᠨ ᠳᠤ | ᠤᠤᠯ ᠤᠨ ᠤᠯᠠᠭᠠᠨᠴᠠᠪ ᠴᠢᠭᠤᠯᠭᠠᠨ ᠤ ᠤᠷᠠᠳ ᠤᠨ ᠪᠠᠷᠠᠭᠤᠨ ᠭᠦᠩ ᠤᠨ ᠬᠤᠰᠢᠭᠤᠨ ᠤ ᠶᠡᠭᠡ ᠠᠯᠲᠠᠴᠢᠨ ᠣᠪᠤᠭᠲᠤ ᠪᠠᠯᠳᠣᠷᠵᠢ ᠪᠠ ᠪᠣᠳᠢᠰᠸᠠ ᠶᠢᠨ ᠭᠡᠷ ᠲᠤ | ᠮᠡᠨᠳᠦᠯᠡᠵᠡᠢ᠃ 8 ᠨᠠᠰᠤᠲᠠᠢ ᠠᠴᠠ ᠪᠠᠨ ᠡᠬᠢᠯᠡᠨ᠂ ᠭᠡᠷ ᠤᠨ ᠰᠤᠷᠭᠠᠭᠤᠯᠢ ᠡᠷᠬᠢᠯᠡᠵᠦ ᠪᠠᠶᠢᠬᠤ ᠭᠤᠴᠤᠭ ᠲᠠᠶᠢᠵᠢ ᠶᠢᠨ ᠱᠠᠪᠢ ᠪᠣᠯᠪᠠ᠃ ᠮᠠᠬᠠᠷᠠᠨ ᠰᠤᠷᠤᠯᠴᠠᠳᠠᠭ | ᠪᠣᠯᠬᠤᠷ 13 ᠨᠠᠰᠤᠲᠠᠢ ᠳᠤ ᠪᠠᠨ ᠬᠤᠰᠢᠭᠤ ᠶᠠᠮᠤᠨ ᠳᠤ ᠰᠤᠷᠬᠤ ᠪᠢᠴᠢᠭᠡᠴᠢ ᠪᠣᠯᠵᠤ᠂16 ᠨᠠᠰᠤᠲᠠᠢ ᠳᠤ ᠪᠠᠨ ᠵᠢᠩᠬᠢᠨᠢ ᠪᠢᠴᠢᠭᠡᠴᠢ ᠪᠣᠯᠵᠤ᠂18 | ᠨᠠᠰᠤᠲᠠᠢ ᠳᠤ ᠪᠠᠨ ᠶᠠᠮᠤᠨ ᠤ ᠪᠢᠴᠢᠭᠡᠴᠢ ᠶᠢᠨ ᠳᠠᠷᠤᠭ᠎ᠠ ᠪᠣᠯᠵᠠᠢ᠃ | | | | | 1919 ᠣᠨ ᠤ ᠬᠠᠪᠤᠷ᠂ ᠪᠡᠭᠡᠵᠢᠩ ᠳᠤ ᠣᠴᠢᠵᠤ ᠳᠣᠲᠤᠷ᠎ᠠ ᠵᠣᠷᠭᠠᠨ ᠤ ᠶᠠᠮᠤᠨ ᠤ ᠪᠢᠴᠢᠭᠡᠴᠢ ᠪᠣᠯᠵᠠᠢ᠃ ᠡᠨᠡ ᠬᠦ ᠬᠤᠭᠤᠴᠠᠭᠠᠨ ᠳᠤ ᠪᠠᠨ ᠣᠷᠣᠰ ᠤᠨ | ᠠᠷᠪᠠᠨ ᠰᠠᠷ᠎ᠠ ᠶᠢᠨ ᠬᠤᠪᠢᠰᠬᠠᠯ ᠪᠠ ᠬᠠᠯᠬ᠎ᠠ ᠮᠣᠩᠭᠤᠯ ᠤᠨ ᠬᠤᠪᠢᠰᠬᠠᠯ ᠤᠨ ᠨᠦᠯᠦᠭᠡ ᠶᠢ ᠶᠡᠭᠡ ᠪᠠᠷ ᠬᠦᠷᠲᠡᠵᠡᠢ᠃ ᠢᠯᠡᠩᠭᠤᠶ᠎ᠠ 《5·4》 ᠤ ᠬᠦᠳᠡᠯᠭᠡᠭᠡᠨ | ᠨᠢ ᠲᠡᠭᠦᠨ ᠤ ᠦᠵᠡᠯ ᠰᠠᠨᠠᠭ᠎ᠠ ᠳᠤ ᠬᠦᠴᠦᠲᠡᠢ ᠰᠡᠲᠡᠯᠲᠡ ᠦᠭᠭᠦᠭᠡᠳ ᠬᠤᠪᠢᠰᠬᠠᠯ ᠤᠨ ᠶᠣᠰᠤ ᠣᠴᠢᠷ ᠢ ᠮᠡᠳᠡᠭᠦᠯᠵᠡᠢ᠃1920 ᠣᠨ ᠳᠤ᠂ ᠪᠡᠭᠡᠵᠢᠩ ᠠᠴᠠ | ᠬᠤᠰᠢᠭᠤᠨ ᠳᠤ ᠪᠠᠨ ᠪᠤᠴᠠᠵᠤ ᠢᠷᠡᠭᠡᠳ《5·4》 ᠤ ᠬᠦᠳᠡᠯᠭᠡᠭᠡᠨ ᠤ ᠠᠭᠤᠤ ᠶᠡᠭᠡ ᠠᠴᠢ ᠬᠤᠯᠪᠤᠭᠳᠠᠯ ᠪᠠ ᠣᠷᠣᠰ ᠤᠨ ᠠᠷᠪᠠᠨ ᠰᠠᠷ᠎ᠠ ᠶᠢᠨ | ᠬᠤᠪᠢᠰᠬᠠᠯ ᠤᠨ ᠢᠯᠠᠯᠲᠠ ᠶᠢᠨ ᠳᠤᠮᠳᠠᠳᠤ ᠤᠯᠤᠰ ᠪᠠ ᠲᠡᠯᠡᠬᠡᠢ ᠶᠢᠨ ᠬᠤᠪᠢᠰᠬᠠᠯ ᠳᠤ ᠦᠭᠬᠦᠭᠰᠡᠨ ᠨᠦᠯᠦᠭᠡ ᠶᠢ ᠶᠡᠭᠡ ᠪᠠᠷ ᠤᠬᠠᠭᠤᠯᠪᠠ᠃ | 1920 ᠣᠨ ᠤ ᠨᠠᠮᠤᠷ᠂ ᠡᠩᠬᠡᠪᠠᠶᠠᠷ ᠨᠢᠭᠤᠴᠠ ᠪᠠᠷ ᠬᠠᠯᠬ᠎ᠠ ᠮᠣᠩᠭᠤᠯ ᠳᠤ ᠬᠦᠷᠴᠦ᠂ ᠬᠤᠪᠢᠰᠬᠠᠯ ᠤᠨ ᠶᠣᠰᠤ ᠣᠴᠢᠷ ᠢ ᠰᠤᠷᠴᠦ ᠬᠠᠷᠢᠵᠤ ᠢᠷᠡᠭᠡᠳ | ᠬᠤᠪᠢᠰᠬᠠᠯᠲᠤ ᠵᠣᠬᠢᠶᠠᠨ ᠪᠠᠶᠢᠭᠤᠯᠤᠯᠲᠠ ᠶᠢ ᠰᠠᠨᠠᠭᠠᠴᠢᠯᠠᠨ ᠪᠠᠶᠢᠭᠤᠯᠪᠠ᠃ ᠢᠩᠬᠢᠭᠡᠳ ᠬᠦᠮᠦᠰ ᠲᠡᠭᠦᠨ ᠢ《 ᠤᠯᠠᠭᠠᠨ ᠨᠠᠮᠲᠠᠨ ᠡᠩᠬᠡᠪᠠᠶᠠᠷ》 ᠭᠡᠵᠦ ᠳᠠᠭᠤᠳᠠᠬᠤ | ᠪᠣᠯᠪᠠ᠃ | 1923 ᠣᠨ ᠳᠤ᠂ ᠪᠠᠷᠠᠭᠤᠨ ᠭᠦᠩ ᠤᠨ ᠬᠤᠰᠢᠭᠤᠨ ᠤ ᠵᠠᠰᠠᠭ ᠨᠣᠶᠠᠨ᠂ ᠮᠠᠯ ᠤᠨ ᠪᠡᠯᠴᠢᠭᠡᠷ ᠢ ᠬᠤᠳᠠᠯᠳᠤᠬᠤ ᠳᠤ ᠡᠩᠬᠡᠪᠠᠶᠠᠷ ᠮᠠᠯᠴᠢᠳ ᠲᠠᠢ | ᠬᠤᠯᠪᠤᠭᠠᠯᠠᠵᠤ ᠪᠠᠶᠢᠭᠠᠳ᠂ ᠵᠠᠰᠠᠭ ᠨᠣᠶᠠᠨ ᠲᠠᠢ ᠠᠰ ᠳᠤᠯᠤᠨ ᠠᠪᠤᠨ ᠬᠠᠷᠢᠭᠤᠴᠠᠬᠤ ᠲᠡᠮᠡᠴᠡᠯ ᠬᠢᠭᠡᠳ ᠮᠠᠯ ᠤᠨ ᠪᠡᠯᠴᠢᠭᠡᠷ ᠢᠶᠠᠨ ᠬᠠᠮᠠᠭᠠᠯᠠᠪᠠ᠃ | 1924ᠣᠨ ᠳᠤ᠂ ᠬᠤᠰᠢᠭᠤᠨ ᠤ ᠪᠠᠨ ᠮᠠᠶᠢᠷᠠᠨ ᠵᠠᠩᠬᠢ ᠰᠠᠩᠵᠠᠶᠢᠵᠠᠪ᠂ ᠤᠷᠠᠳ ᠤᠨ ᠳᠤᠮᠳᠠᠳᠤ ᠬᠤᠰᠢᠭᠤᠨ ᠤ ᠵᠠᠰᠠᠭ ᠪᠠᠪᠤᠳᠣᠷᠵᠢ ᠲᠠᠢ ᠬᠠᠮᠲᠤ | ᠭᠤᠮᠢᠨᠳᠠᠩ ᠤᠨ ᠨᠢᠭᠡᠳᠦᠭᠡᠷ ᠤᠳᠠᠭᠠᠨ ᠤ ᠶᠡᠭᠡ ᠬᠤᠷᠠᠯ ᠳᠤ ᠣᠷᠤᠯᠴᠠᠭᠠᠳ ᠬᠠᠷᠠᠭ᠎ᠠ ᠪᠠᠨ ᠦᠷᠭᠡᠳᠭᠡᠪᠡ᠃ | 1924 ᠣᠨ ᠤ ᠨᠠᠮᠤᠷ᠂ ᠬᠤᠶᠠᠳᠡᠬᠢ ᠤᠳᠠᠭ᠎ᠠ ᠬᠠᠯᠬ᠎ᠠ ᠮᠣᠩᠭᠤᠯ ᠳᠤ ᠣᠴᠢᠭᠠᠳ ᠭᠤᠷᠪᠠᠳᠤᠭᠠᠷ ᠢᠨᠲ᠋ᠧᠷᠨᠠᠼᠢᠤᠨᠠᠯ ᠤᠨ ᠬᠠᠷᠢᠭᠤᠴᠠᠯᠭᠠᠲᠠᠨ ᠪᠠ ᠮᠣᠩᠭᠤᠯ | ᠠᠷᠠᠳ ᠤᠯᠤᠰ ᠤᠨ ᠤᠳᠤᠷᠢᠳᠤᠭᠴᠢ ᠨᠠᠷ ᠲᠠᠢ ᠠᠭᠤᠯᠵᠠᠭᠠᠳ ᠬᠤᠯᠪᠤᠭ᠎ᠠ ᠠᠪᠴᠦ᠂ ᠳᠡᠮᠵᠢᠯᠭᠡ ᠶᠢ ᠨᠢ ᠣᠯᠵᠠᠢ᠃ | ᠭᠤᠷᠪᠠᠳᠤᠭᠠᠷ ᠢᠨᠲ᠋ᠧᠷᠨᠠᠽᠢᠤᠨᠠᠯ ᠤᠨ ᠬᠠᠷᠢᠭᠤᠴᠠᠯᠭᠠᠲᠠᠨ ᠤ ᠵᠢᠭᠠᠪᠤᠷᠢ ᠪᠠᠷ ᠡᠩᠬᠡᠪᠠᠶᠠᠷ ᠤᠷᠠᠳ ᠤᠨ ᠪᠠᠷᠠᠭᠤᠨ ᠭᠦᠩ ᠤᠨ ᠬᠤᠰᠢᠭᠤᠨ ᠳᠤ ᠪᠠᠨ ᠪᠤᠴᠠᠵᠤ | ᠢᠷᠡᠪᠡ᠃ ᠮᠣᠩᠭᠤᠯ ᠤᠨ ᠲᠠᠯ᠎ᠠ ᠠᠴᠠ ᠰᠠᠶᠢᠨᠪᠠᠶᠠᠷ ︵ᠪᠤᠤ ᠶᠤᠸᠡᠢ ᠴᠢᠩ︶᠂ ᠰᠠᠶᠢᠰᠢᠩᠭ᠎ᠠ ︵ ᠶᠢᠨ ᠰᠦᠨ ᠯᠢᠩ︶᠂ ᠮᠧᠷᠰᠧ ︵ᠦᠭᠡᠷ᠎ᠡ ᠨᠡᠷ᠎ᠡ ᠨᠢ ᠭᠦᠸᠧ ᠳ᠋ᠣᠤ | ᠹᠦ᠋︶ ᠪᠣᠯᠤᠨ ᠦᠭᠡᠷ᠎ᠡ ᠬᠤᠶᠠᠷ ᠨᠦᠬᠦᠷ ᠢ ᠲᠣᠮᠢᠯᠠᠵᠤ ᠠᠵᠢᠯ ᠢ ᠨᠢ ᠬᠠᠪᠰᠤᠷᠤᠭᠤᠯᠪᠠ᠃ ᠬᠢᠯᠢ ᠳᠤ ᠣᠷᠤᠭᠰᠠᠨ ᠤ ᠳᠠᠷᠠᠭ᠎ᠠ᠂ ᠡᠮᠦᠨᠡᠰᠢ ᠪᠠᠨ ᠬᠠᠲᠤᠨ ᠭᠤᠣᠯ ᠢ | ᠭᠠᠲᠤᠯᠵᠤ ᠣᠲᠤᠭ᠂ ᠦᠦᠰᠢᠨ᠂ ᠬᠠᠩᠭᠢᠨ ᠭᠤᠷᠪᠠᠨ ᠬᠤᠰᠢᠭᠤᠨ ᠳᠤ ᠬᠦᠷᠴᠦ《 ᠳᠤᠭᠤᠶᠢᠯᠠᠩ ᠤᠨ ᠬᠦᠳᠡᠯᠭᠡᠭᠡᠨ》 ᠤ ᠤᠳᠤᠷᠢᠳᠤᠭᠴᠢ ᠰᠢᠨᠡᠯᠠᠮ᠎ᠠ ᠲᠠᠢ | ᠠᠭᠤᠯᠵᠠᠵᠤ᠂ ᠬᠤᠪᠢᠰᠬᠠᠯ ᠤᠨ ᠬᠤᠯᠪᠤᠭ᠎ᠠ ᠪᠠᠶᠢᠭᠤᠯᠪᠠ᠃ ᠡᠩᠬᠡᠪᠠᠶᠠᠷ ᠤᠷᠲᠤ ᠭᠤᠣᠯ ᠤᠨ ᠰᠦᠮ᠎ᠡ ᠳᠡᠭᠡᠷ᠎ᠡ ᠪᠠᠰᠠ ᠬᠤᠪᠢᠰᠬᠠᠯ ᠤᠨ ᠠᠵᠢᠯ ᠢ ᠡᠷᠬᠢᠯᠡᠵᠤ᠂ ᠣᠯᠠᠨ | ᠲᠦᠮᠡᠨ ᠳᠤ ᠬᠤᠪᠢᠰᠬᠠᠯ ᠤᠨ ᠶᠣᠰᠤ ᠤᠴᠢᠷ ᠢ ᠶᠡᠭᠡ ᠪᠠᠷ ᠤᠬᠠᠭᠤᠯᠵᠤ ᠦᠩᠭᠡᠷᠡᠪᠡ᠃ | 1927 ᠣᠨ ᠤ 4 ᠰᠠᠷ᠎ᠠ ᠶᠢᠨ 12 ᠤ ᠡᠳᠦᠷ᠂ ᠵᠢᠶᠠᠩ ᠵᠢᠶᠧ ᠱᠢ ᠬᠤᠪᠢᠰᠬᠠᠯ ᠤᠨ ᠡᠰᠡᠷᠭᠦᠦ ᠲᠦᠷᠦ ᠶᠢᠨ ᠬᠤᠪᠢᠰᠤᠯ ᠭᠠᠷᠭᠠᠵᠤ ᠬᠤᠪᠢᠰᠬᠠᠯ ᠠᠴᠠ | ᠤᠷᠪᠠᠭᠰᠠᠨ ᠳᠤ ᠴᠠᠭ ᠤᠨ ᠪᠠᠶᠢᠳᠠᠯ ᠲᠦᠢᠯ ᠤᠨ ᠲᠦᠭᠰᠢᠭᠦᠷᠢᠲᠡᠢ ᠪᠣᠯᠪᠠ᠃ ᠰᠦᠢᠶᠦᠸᠠᠨ ᠬᠤᠲᠠ ᠶᠢᠨ ᠵᠠᠩᠵᠤᠨ ᠤ ᠶᠠᠮᠤᠨ ᠠᠴᠠ ᠡᠩᠬᠡᠪᠠᠶᠠᠷ ᠢ ᠳᠦᠷᠭᠡᠨ | ᠪᠠᠷᠢᠪᠴᠢᠯᠠᠬᠤ ᠶᠢ ᠠᠬᠢᠨ ᠳᠠᠬᠢᠨ ᠱᠠᠭᠠᠷᠳᠠᠪᠠ᠃ ᠡᠨᠡ ᠦᠶ᠎ᠡ ᠳᠤ ᠡᠩᠬᠡᠪᠠᠶᠠᠷ ᠬᠦᠮᠦᠨ ᠲᠣᠮᠢᠯᠠᠨ ᠶᠡᠭᠡ ᠵᠤᠤ ᠠᠶᠢᠮᠠᠭ ᠲᠤ ᠣᠴᠢᠭᠤᠯᠵᠤ ᠰᠢᠨᠡᠯᠠᠮ᠎ᠠ ᠲᠠᠢ | ᠬᠠᠷᠢᠯᠴᠠᠭᠤᠯᠤᠭᠰᠠᠨ ᠪᠣᠯᠪᠠᠴᠤ ᠲᠣᠬᠠᠢ ᠶᠢᠨ ᠦᠶ᠎ᠡ ᠶᠢᠨ ᠪᠠᠶᠢᠳᠠᠯ ᠲᠤᠩ ᠪᠠᠴᠢᠮ ᠪᠠᠶᠢᠭᠰᠠᠨ ᠪᠣᠯᠬᠤᠷ ᠬᠠᠷᠢᠯᠴᠠᠵᠤ ᠳᠡᠶᠢᠯᠦᠭᠰᠡᠨ ᠦᠭᠡᠢ᠃ ᠡᠩᠬᠡᠪᠠᠶᠠᠷ ᠳᠠᠬᠢᠨ | ᠳᠠᠪᠲᠠᠨ ᠪᠣᠳᠤᠯᠬᠢᠯᠠᠭᠠᠳ᠂ ᠬᠤᠪᠢᠰᠬᠠᠯ ᠤᠨ ᠵᠡᠪᠰᠡᠭᠲᠦ ᠬᠦᠴᠦᠨ ᠢᠶᠠᠨ ᠬᠠᠮᠠᠭᠠᠯᠠᠬᠤ ᠶᠢᠨ ᠲᠦᠯᠦᠭᠡ ᠬᠠᠯᠬ᠎ᠠ ᠮᠣᠩᠭᠤᠯ ᠳᠤ ᠤᠬᠤᠷᠢᠵᠤ ᠣᠴᠢᠬᠤ ᠪᠠᠷ ᠪᠣᠯᠪᠠ᠃ | ᠢᠩᠬᠡᠭᠡᠳ ᠵᠠᠮ ᠤᠨ ᠲᠣᠷᠰᠢᠬᠢ ᠪᠦᠰᠡᠯᠡᠨ ᠤᠰᠠᠳᠬᠠᠯᠲᠠ ᠶᠢ ᠰᠢᠪᠲᠤᠯᠤᠨ ᠭᠠᠷᠤᠭᠠᠳ ᠰᠤᠯᠤᠨ ᠠᠭᠤᠯᠠᠨ ᠤ ᠡᠩᠭᠡᠷ ᠲᠤ ᠳᠤᠮᠳᠠᠳᠤ ᠬᠤᠰᠢᠭᠤᠨ ᠤ ᠶᠠᠮᠤᠨ ᠤ | ᠴᠡᠷᠢᠭ ᠲᠠᠢ ᠪᠠᠶᠢᠯᠳᠤᠵᠤ ᠪᠠᠶᠢᠭᠠᠳ ᠬᠡᠢ ᠰᠤᠮᠤᠨ ᠳᠤ ᠣᠨᠤᠭᠳᠠᠵᠤ᠂ ᠪᠢᠯᠢᠭ ᠤᠨ ᠤᠯᠠᠷᠢᠯ ᠤᠨ 7 ᠰᠠᠷ᠎ᠠ ᠶᠢᠨ 21 ᠤ ᠡᠳᠦᠷ ᠡᠷᠡᠯᠬᠡᠭ ᠢᠶᠠᠷ ᠪᠡᠶ᠎ᠡ ᠦᠷᠡᠭᠳᠡᠪᠡ᠃ | ᠪᠡᠶ᠎ᠡ ᠦᠷᠡᠭᠳᠡᠬᠦ ᠦᠶ᠎ᠡ ᠳᠤ 26 ᠨᠠᠰᠤᠲᠠᠢ ᠪᠠᠶᠢᠪᠠ᠃ |